ᠬᠦᠬᠡᠬᠤᠳᠠ ᠶᠢᠨ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷ ᠲᠦᠷᠢᠶᠡᠰᠦᠯᠡᠬᠦ ᠨᠥᠬᠦᠪᠥᠷᠢ ᠶᠢ ᠰᠦᠯᠵᠢᠶᠡᠨ ᠳᠡᠭᠡᠷ᠎ᠡ ᠭᠤᠶᠤᠴᠢᠯᠠᠬᠤ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2023/4/26
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠢᠤᠢ ᠶᠢᠩ︶ ᠲᠦᠷᠦᠬᠦᠬᠡᠨ᠂ ᠰᠤᠷᠪᠤᠯᠵᠢᠯᠠᠭᠴᠢ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ ᠴᠢᠳᠠᠪᠤᠷᠢᠲᠠᠨ ᠤ ᠠᠵᠢᠯ ᠣᠯᠵᠤ ᠦᠢᠯᠡᠰ ᠪᠤᠰᠬᠠᠬᠤ ᠶᠢ ᠳᠡᠮᠵᠢᠬᠦ 10 ᠵᠤᠷᠪᠤᠰ ᠢᠵᠢ ᠪᠥᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠳᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷ ᠲᠦᠷᠢᠶᠡᠰᠦᠯᠡᠬᠦ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠠᠵᠢᠯ  ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠦᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠬᠡᠬᠤᠲᠠ ᠶᠢᠨ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷ ᠲᠦᠷᠢᠶᠡᠰᠦᠯᠡᠬᠦ ᠨᠥᠬᠦᠪᠥᠷᠢ ᠥᠭᠬᠦ ᠲᠤᠬᠠᠶᠢᠯᠠᠭᠰᠠᠨ ᠠᠵᠢᠯ ᠤᠨ ᠠᠯᠪᠠᠨ ᠵᠠᠷᠯᠠᠯ ᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠠᠮᠢᠶ᠎ᠠ ᠪᠦᠬᠦᠢ ᠠᠵᠢᠯ ᠢᠶᠠᠨ ᠭᠦᠢᠴᠡᠳᠬᠡᠬᠦ ᠳᠤ ᠳᠥᠭᠦᠮ ᠦᠵᠡᠭᠦᠯᠪᠡ᠃      ᠲᠠᠨᠢᠯᠴᠠᠭᠤᠯᠤᠭᠰᠠᠨ ᠢᠶᠠᠷ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠲᠦᠷᠢᠶᠡᠰᠦᠯᠡᠬᠦ ᠨᠥᠬᠦᠪᠥᠷᠢ ᠶᠢᠨ ᠪᠠᠷᠢᠮᠵᠢᠶ᠎ᠠ ᠳᠤ᠂ ᠬᠦᠬᠡᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ‌‍ᠪᠤᠰᠬᠠᠭᠰᠠᠨ ᠪᠥᠭᠡᠳ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠭᠠᠯ ᠲᠤᠰᠢᠶᠠᠭᠰᠠᠨ ᠬᠤᠭᠤᠴᠠᠭ᠎ᠠ ᠨᠢ ᠨᠡᠶᠢᠲᠡ 3 ᠰᠠᠷ᠎ᠠ ᠵᠢᠴᠢ ᠲᠡᠭᠦᠨ ᠠᠴᠠ ᠳᠡᠭᠡᠭᠰᠢᠬᠢ 2 ᠵᠢᠯ ᠤᠨ ᠳᠣᠲᠣᠷᠠᠬᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠶᠡᠭᠡ ᠲᠠᠬᠡᠲᠤ ᠰᠤᠷᠭᠠᠭᠤᠯᠢ ᠲᠡᠭᠦᠰᠦᠭᠰᠡᠳ᠂ 2021 ᠣᠨ ᠤ 6 ᠰᠠᠷ᠎ᠠ ᠶᠢᠨ 22 ᠤᠨ ᠡᠳᠦᠷ ᠵᠢᠴᠢ ᠲᠡᠭᠦᠨ ᠠᠴᠠ ᠬᠤᠶᠢᠰᠢ ᠥᠪᠡᠰᠦᠪᠡᠨ ᠬᠡᠷ ᠲᠦᠷᠢᠶᠡᠰᠦᠯᠡᠭᠰᠡᠨ ᠪᠠᠶᠢᠪᠠᠯ ᠬᠡᠷ ᠲᠦᠷᠢᠶᠠᠰᠤᠯᠡᠬᠦ ᠨᠦᠬᠦᠪᠤᠷᠢ ᠮᠥᠩᠭᠦ ᠭᠤᠶᠤᠴᠢᠯᠠᠵᠤ ᠪᠣᠯᠣᠨ᠎ᠠ᠃ ᠡᠭᠦᠨ ᠳᠤ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠤᠷᠤᠭᠴᠢ ᠳᠤ ᠲᠣᠰ ᠲᠣᠰ ᠰᠠᠷ᠎ᠠ ᠪᠦᠷᠢ 1000 ᠲᠥᠭᠦᠷᠢᠭ᠂ 800 ᠲᠥᠭᠦᠷᠢᠭ᠂ 500 ᠲᠥᠭᠦᠷᠢᠭ ᠨᠥᠬᠦᠪᠥᠷᠢᠯᠡᠵᠦ᠂ ᠨᠥᠬᠦᠪᠥᠷᠢᠯᠡᠬᠦ ᠬᠤᠭᠤᠴᠠᠭ᠎ᠠ ᠶᠢ 24 ᠰᠠᠷ᠎ᠠ ᠠᠴᠠ ᠬᠡᠲᠦᠷᠡᠭᠦᠯᠬᠦ ᠥᠬᠡᠶ᠃      ᠭᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠭᠤᠶᠤᠴᠢᠯᠠᠬᠤ ᠪᠠᠷᠢᠮᠵᠢᠶ᠎ᠠ ᠳᠤ᠂ ᠬᠦᠬᠡᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠪᠤᠰᠬᠠᠭᠰᠠᠨ ᠪᠥᠭᠡᠳ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠭᠠᠯ ᠢ ᠨᠡᠶᠢᠲᠡ 12 ᠰᠠᠷ᠎ᠠ ᠵᠢᠴᠢ ᠲᠡᠭᠦᠨ ᠠᠴᠠ ᠳᠡᠭᠡᠭᠰᠢᠬᠢ ᠲᠤᠰᠢᠶᠠᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ᠂ ᠲᠡᠭᠦᠰᠦᠭᠡᠳ 5 ᠵᠢᠯ ᠤᠨ ᠳᠣᠲᠣᠷ᠎ᠠ ᠠᠩᠬ᠎ᠠ ᠤᠳᠠᠭ᠎ᠠ ᠬᠦᠬᠡᠬᠤᠲᠠ ᠶᠢᠨ ᠬᠡᠪᠴᠢᠶᠡᠨ ᠳᠠᠬᠢ ᠭᠡᠷ ᠪᠠᠶᠢᠰᠢᠩ ᠬᠤᠳᠠᠯᠳᠤᠨ ᠠᠪᠬᠤ ᠪᠤᠶᠤ ᠬᠡᠷ ᠪᠠᠶᠢᠰᠢᠩ ᠬᠤᠳᠠᠯᠳᠤᠨ ᠠᠪᠬᠤ ᠴᠠᠭ ᠬᠤᠭᠤᠴᠠᠭ᠎ᠠ ᠨᠢ 2021 ᠣᠨ ᠤ 6 ᠰᠠᠷ᠎ᠠ ᠶᠢᠨ 22 ᠤᠨ ᠡᠳᠦᠷ ᠵᠢᠴᠢ ᠲᠡᠭᠦᠨ ᠠᠴᠠ ᠬᠤᠶᠢᠰᠢ ᠪᠠᠶᠢᠪᠠᠯ᠂ ᠭᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠭᠤᠶᠤᠴᠢᠯᠠᠵᠤ ᠪᠣᠯᠣᠨ᠎ᠠ᠃ ᠡᠭᠦᠨ ᠳᠤ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠰᠤᠷᠤᠭᠴᠢᠳ ᠲᠤ ᠲᠣᠰ ᠲᠣᠰ ᠨᠢᠭᠡ ᠯᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠨᠥᠬᠦᠪᠦᠷᠢᠯᠡᠨ᠎ᠡ᠃      ᠭᠤᠶᠤᠴᠢᠯᠠᠬᠤ ᠮᠠᠲ᠋ᠧᠷᠢᠶᠠᠯ ᠳᠤ᠂ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠭᠤᠶᠤᠴᠢᠯᠠᠭᠴᠢ ᠶᠢᠨ ᠬᠠᠮᠤᠭ ᠤᠨ ᠥᠨᠳᠥᠷ ᠰᠤᠷᠤᠯᠭ᠎ᠠ ᠶᠢᠨ ᠨᠠᠮᠲᠠᠷ ᠤᠨ ᠲᠡᠭᠦᠰᠭᠦ ᠦᠨᠡᠮᠯᠡᠯ᠂ ᠭᠤᠶᠤᠴᠢᠯᠠᠭᠴᠢ ᠶᠢᠨ ᠪᠠᠶᠢᠭ᠎ᠠ ᠠᠵᠤ ᠠᠬᠤᠶᠢᠯᠠᠯ ᠤᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢ ᠬᠠᠩᠭᠠᠬᠤ ᠬᠡᠷᠡᠭᠲᠡᠢ︔ ᠭᠡᠷ ᠲᠦᠷᠢᠶᠡᠰᠦᠯᠡᠬᠦ ᠨᠥᠬᠦᠪᠥᠷᠢ ᠭᠤᠶᠤᠴᠢᠯᠠᠬᠤ ᠳᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ︽ᠭᠡᠷ ᠲᠦᠷᠢᠶᠡᠰᠦᠯᠡᠬᠦ ᠶᠢ ᠳᠠᠩᠰᠠᠯᠠᠨ ᠲᠡᠮᠳᠡᠭᠯᠡᠭᠰᠡᠨ ᠭᠡᠷᠡᠴᠢ︾ ᠶᠢ ᠬᠠᠩᠭᠠᠬᠤ ᠬᠡᠷᠡᠭᠲᠡᠢ᠂ ᠡᠭᠦᠨ ᠳᠤ ᠲᠦᠷᠢᠶᠡᠰᠦᠯᠡᠭᠴᠢ ᠶᠢᠨ ᠮᠡᠳᠡᠭᠡ ᠵᠠᠩᠭᠢ ᠨᠢ ᠡᠷᠬᠡᠪᠰᠢ ᠭᠤᠶᠤᠴᠢᠯᠠᠭᠴᠢ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠢ︔ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠭᠡᠷ ᠬᠤᠳᠠᠯᠳᠤᠨ ᠠᠪᠬᠤ ᠨᠥᠬᠦᠪᠥᠷᠢ ᠶᠢ ᠬᠠᠮᠲᠤ ᠳᠤᠨᠢ ᠭᠤᠶᠤᠴᠢᠯᠠᠭᠰᠠᠨ ᠪᠠᠶᠢᠪᠠᠯ ᠪᠠᠰᠠ ᠤᠷᠤᠭ ᠤᠨ ᠦᠨᠡᠮᠯᠡᠯ ᠬᠠᠩᠭᠠᠬᠤ ᠬᠡᠷᠡᠭᠲᠡᠢ᠃      ᠭᠥᠯᠢᠶᠡᠨ ᠠᠪᠴᠤ ᠰᠢᠢᠳᠪᠦᠷᠢᠯᠡᠬᠦ ᠴᠠᠭ᠄ 2023 ᠤᠨ ᠤ 4 ᠰᠠᠷ᠎ᠠ ᠶᠢᠨ 12 ᠤᠨ ᠡᠳᠦᠷ ᠠᠴᠠ ᠡᠬᠢᠯᠡᠨ 2024 ᠣᠨ ᠤ 1 ᠰᠠᠷ᠎ᠠ ᠪᠣᠯᠲᠠᠯ᠎ᠠ᠂ ᠰᠠᠷ᠎ᠠ ᠪᠦᠷᠢ ᠶᠢᠨ 10 ᠤ ᠡᠳᠦᠷ ᠠᠴᠠ 20 ᠤ ᠡᠳᠦᠷ ᠪᠣᠯᠲᠠᠯ᠎ᠠ ᠶᠠᠪᠤᠭᠳᠠᠨ᠎ᠠ︔ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ᠄ ᠰᠦᠯᠵᠢᠶᠡᠨ ᠳᠡᠭᠡᠷ᠎ᠡ ᠭᠤᠶᠤᠴᠢᠯᠠᠨ᠎ᠠ᠃ ᠭᠤᠶᠤᠴᠢᠯᠠᠭᠴᠢ ︽ᠭᠤᠤᠯᠲᠤ ᠪᠣᠷᠣ ᠦᠨᠲᠤᠰᠤᠯᠠᠬᠦᠯᠬᠦ︾ APP ᠰᠦᠯᠵᠢᠶᠡᠨ ᠳᠡᠭᠡᠷ᠎ᠡ ᠭᠤᠶᠤᠴᠢᠯᠠᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ