ᠬᠤᠳᠠ ᠬᠦᠳᠡᠭᠡ ᠶᠢᠨ ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠤᠨ ᠴᠢᠨᠠᠷ ᠢ ᠳᠡᠬᠡᠭᠰᠢᠯᠡᠬᠦᠯᠵᠦ ᠦᠷ᠎ᠡ ᠪᠦᠳᠦᠮᠵᠢ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/4/26
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠬᠦᠬᠡᠬᠤᠳᠠ ᠶᠢᠨ ᠰᠤᠷᠭᠠᠨ ᠬᠥᠮᠥᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠵᠥᠷᠢᠶ᠎ᠡ ᠶᠢ ᠪᠠᠭᠠᠰᠬᠠᠬᠤ ᠶᠢᠨ ᠲᠥᠯᠥᠭᠡ᠂ ᠲᠦᠷᠦᠬᠦᠬᠡᠨ ᠲᠦᠮᠡᠳ ᠵᠡᠭᠦᠨ ᠬᠤᠰᠢᠭᠤᠨ ᠤ ᠵᠢᠨᠱᠠᠨ ᠰᠤᠷᠭᠠᠭᠤᠯᠢ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠬᠠᠪᠰᠤᠷᠤᠯᠴᠠᠭ᠎ᠠ ᠪᠠᠶᠢᠭᠤᠯᠤᠨ ᠬᠠᠮᠳᠤ ᠪᠠᠷ ᠪᠠᠶᠢᠭᠤᠯᠬᠤ ᠵᠦᠪᠯᠡᠯᠴᠡᠬᠡᠷ ᠳᠤᠭᠳᠠᠵᠤ᠂ ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠪᠠ᠃      ᠫᠠᠶᠢᠰᠠ ᠡᠯᠭᠦᠬᠦ ᠶᠣᠰᠣᠯᠠᠯ ᠢ ᠬᠥᠬᠡᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠲᠦᠮᠡᠳ ᠵᠡᠬᠦᠨ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ ᠠᠴᠠ ᠳᠠᠭᠠᠭᠠᠨ ᠡᠷᠬᠢᠯᠡᠪᠡ᠃ ᠬᠤᠶᠢᠰᠢᠳᠠ ᠬᠤᠶᠠᠷ ᠰᠤᠷᠭᠠᠭᠤᠯᠢ ᠶᠢᠨ ᠬᠢᠨ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠪᠣᠯᠣᠨ᠎ᠠ᠃ ︽ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠲᠥᠪ︾ ᠢ ᠪᠠᠶᠢᠭᠤᠯᠬᠤ ᠪᠠᠷ ᠳᠠᠮᠵᠢᠭᠤᠯᠤᠨ᠂ ᠬᠤᠶᠠᠷ ᠰᠤᠷᠭᠠᠭᠤᠯᠢ ᠶᠢᠨ ᠬᠤᠭᠤᠷᠣᠨᠳᠤ ᠪᠠᠭᠰᠢ ᠶᠢᠨ ᠪᠣᠯᠪᠠᠰᠤᠷᠠᠯ᠂ ᠰᠤᠷᠤᠭᠴᠢ ᠶᠢᠨ ᠬᠠᠮᠢᠶᠠᠷᠤᠯᠲᠠ᠂ ᠠᠵᠢᠯᠯᠠᠭ᠎ᠠ ᠶᠢᠨ ᠬᠡᠷᠡᠭᠵᠢᠭᠦᠯᠦᠯᠲᠡ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠰᠤᠷᠤᠭᠴᠢ ᠶᠢᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠬᠢᠴᠢᠶᠡᠯ ᠤᠨ ᠪᠠᠶᠢᠭᠤᠯᠤᠯᠲᠠ ᠶᠢ ᠬᠠᠮᠲᠤ ᠪᠠᠷ ᠬᠠᠶᠢᠨ ᠰᠦᠪᠡᠭᠴᠢᠯᠡᠵᠦ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠨ᠎ᠡ ᠮᠠᠶ᠋ᠢᠭ ᠤᠨ ᠰᠢᠯᠭᠠᠯᠲᠠ ᠳᠤ ᠵᠤᠬᠢᠴᠠᠭᠰᠠᠨ ᠬᠢᠴᠢᠶᠡᠯ ᠰᠣᠩᠭᠤᠵᠤ ᠠᠩᠭᠢ ᠰᠢᠯᠵᠢᠬᠦ ᠶᠢ ᠢᠳᠡᠪᠬᠢᠳᠡᠢ ᠠᠬᠢᠭᠤᠯᠤᠨ᠎ᠠ᠃ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠬᠥᠬᠡᠬᠤᠲᠠ ᠶᠢᠨ ︿ᠨᠡᠷᠡᠲᠦ ᠰᠤᠷᠭᠠᠭᠤᠯᠢ﹀ + ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ︵2022 ᠤᠨ - 2025 ᠤᠨ︶ ᠢᠶᠠᠷ ᠵᠢᠯᠤᠭᠤᠳᠬᠤ ᠦᠵᠡᠯ ᠰᠠᠨᠠᠭ᠎ᠠ ᠪᠣᠯᠭᠠᠵᠤ᠂ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠨᠡᠷᠡᠲᠦ ᠰᠤᠷᠭᠠᠭᠤᠯᠢ ᠶᠢᠨ ᠳᠠᠪᠠᠭᠤᠯᠢᠭ ᠲᠤ ᠲᠦᠰᠢᠭᠯᠡᠨ᠂ ᠬᠤᠶᠠᠷ ᠲᠠᠯ᠎ᠠ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠭᠠᠭᠤᠯᠢ ᠶᠢᠨ ᠬᠤᠭᠤᠷᠣᠨᠳᠣᠬᠢ ᠭᠦᠨᠵᠡᠭᠡᠢ ᠬᠠᠮᠲᠤᠷᠠᠯᠴᠠᠬᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠦᠰᠦᠨ ᠪᠣᠶᠢᠵᠢᠯᠲᠠ ᠶᠢ ᠠᠬᠢᠭᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ︽ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ︾ ᠵᠣᠷᠢᠯᠭ᠎ᠠ ᠳᠤ ᠬᠦᠷᠴᠦ᠂ ᠬᠦᠬᠡᠬᠤᠳᠠ ᠶᠢᠨ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠣᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ