ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ᠬᠤᠶᠠᠷ ᠥᠨᠳᠥᠷ ᠨᠢᠭᠡ ᠨᠡᠮᠡᠭᠳᠡᠬᠦ︾ ᠪᠠᠶᠢᠳᠠᠯ ᠢᠯᠡᠷᠡᠵᠡᠢ
ᠨᠡᠶᠢᠲᠡᠯᠡᠭᠰᠡᠨ ᠴᠠᠭ᠄
2023/4/27
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠵᠣᠣ ᠿᠦᠨ ᠵᠢᠶᠠᠩ︶ 4 ᠳ᠋ᠦ᠋ᠭᠡᠷ ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ᠬᠤᠶᠠᠷ ᠥᠨᠳᠥᠷ ᠨᠢᠭᠡ ᠨᠡᠮᠡᠭᠳᠡᠬᠦ︾ ᠣᠨᠴᠠᠯᠢᠭ ᠢᠯᠡᠷᠡᠵᠡᠢ᠃      ︽ᠬᠤᠶᠠᠷ ᠥᠨᠳᠥᠷ︾ ᠭᠡᠳᠡᠭ ᠨᠢ ᠨᠢᠭᠡ ᠳᠤ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ ᠥᠨᠳᠥᠷ᠃ ᠪᠥᠬᠦ ᠬᠤᠲᠠ ᠶᠢᠨ 251 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ︵1506 ᠭᠠᠷ ᠭᠦᠢᠴᠡᠳᠬᠡᠯ ᠳᠤ ᠬᠤᠯᠪᠣᠭᠳᠠᠨ᠎ᠠ︶ ᠠᠴᠠ ᠨᠢᠭᠡᠨᠲᠡ 1069 ᠭᠠᠷ ᠭᠦᠢᠴᠡᠳᠬᠡᠯ ᠢ ᠭᠦᠢᠴᠡᠳᠬᠡᠵᠦ᠂ 116 ᠭᠠᠷ ᠭᠦᠢᠴᠡᠳᠬᠡᠯ ᠢ ᠶᠠᠭ ᠭᠦᠢᠴᠡᠳᠬᠡᠵᠦ ᠪᠠᠶᠢᠨ᠎ᠠ᠂ ᠭᠠᠷ ᠭᠦᠢᠴᠡᠳᠬᠡᠯ ᠢ ᠭᠦᠢᠴᠡᠳᠬᠡᠭᠰᠡᠨ ᠨᠣᠷᠮ᠎ᠠ 78.69%᠂ ᠭᠦᠢᠴᠡᠳᠬᠡᠵᠦ ᠳᠠᠭᠤᠰᠬᠠᠭᠰᠠᠨ ᠨᠣᠷᠮ᠎ᠠ 70.98% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠷᠤᠭ 20 ᠵᠠᠭᠤᠨ ᠤ ᠨᠢᠭᠡᠴᠢ ᠳᠡᠭᠡᠭᠰᠢᠯᠡᠵᠡᠢ᠃ ᠬᠤᠶᠠᠷ ᠲᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠥᠨᠳᠥᠷ᠃ ᠨᠢᠭᠡᠳᠦᠭᠡᠷ ᠤᠯᠠᠷᠢᠯ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠲᠣᠭᠲᠠᠮᠠᠯ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 55.5% ᠪᠠᠷ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ 44.5% ᠶᠢ ᠡᠵᠡᠯᠡᠵᠦ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 55.1% ᠬᠦᠷᠴᠦ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠢ 22.3 ᠵᠠᠭᠤᠨ ᠤ ᠨᠢᠭᠡᠴᠢ ᠳᠠᠶᠢᠴᠢᠯᠠᠨ᠂ ᠪᠥᠬᠦ ᠬᠤᠲᠠ ᠶᠢᠨ ᠪᠡᠯᠡ ᠣᠷᠤᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠪᠠ᠃      ︽ᠨᠢᠭᠡ ᠨᠡᠮᠡᠭᠳᠡᠬᠦ︾ ᠭᠡᠳᠡᠭ ᠨᠢ ᠡᠨᠡ ᠵᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ ᠵᠦᠢᠯ ᠤᠨ ᠲᠤᠭ᠎ᠠ ᠨᠡᠮᠡᠭᠳᠡᠬᠦ ᠶᠢ ᠵᠢᠭᠠᠵᠤ ᠪᠠᠶᠢᠨ᠎ᠠ᠃ 251 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠠᠴᠠ ᠨᠢᠭᠡᠨᠲᠡ 158 ᠨᠢ ᠠᠵᠢᠯ ᠢᠶᠠᠨ ᠡᠬᠢᠯᠡᠭᠦᠯᠦᠨ ᠰᠡᠷᠭᠦᠭᠡᠵᠦ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 62.95% ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 25 ᠵᠠᠭᠤᠨ ᠤ ᠨᠢᠭᠡᠴᠢ ᠨᠡᠮᠡᠭᠳᠡᠪᠡ᠃ ᠲᠣᠰ ᠵᠢᠯ ᠳᠤ᠂ ᠭᠤᠣᠯᠳᠠᠯᠭ᠎ᠠ ᠲᠠᠢ ᠲᠦᠯᠬᠢᠨ ᠠᠬᠢᠭᠤᠯᠵᠤ ᠬᠡᠷᠡᠭᠵᠢᠭᠦᠯᠦᠭᠰᠡᠨ ᠶᠡᠷᠦᠩᠬᠡᠢ ᠪᠡᠯᠡ ᠣᠷᠤᠭᠤᠯᠤᠯᠲᠠ ᠨᠢ 90.3 ᠳ᠋ᠦᠩᠰᠢᠭᠤᠷ ᠲᠥᠭᠦᠷᠢᠭ ᠤᠨ ᠰᠢᠨ ᠬᠤᠸᠠᠨ ᠤ 10 ᠲᠦᠮᠡᠨ ᠲᠣᠨ ᠤ ᠬᠡᠷᠡᠯ ᠴᠡᠨᠡᠭ ᠤᠨ ᠲᠠᠰ ᠤᠨ ᠣᠯᠠᠨ ᠲᠠᠯᠠᠰᠲᠤ ᠴᠠᠬᠢᠭᠤᠷ ᠤᠨ ᠲᠥᠷᠥᠯ ᠵᠦᠢᠯ᠂ ᠶᠡᠷᠦᠩᠬᠡᠢ ᠪᠡᠯᠡ ᠣᠷᠤᠭᠤᠯᠤᠯᠲᠠ  ᠨᠢ 60 ᠳ᠋ᠦᠩᠰᠢᠭᠤᠷ ᠲᠥᠭᠦᠷᠢᠭ ᠤᠨ ᠲᠢᠶᠠᠨ ᠬᠤᠸ ᠶᠢᠨ 60 ᠲᠦᠮᠡᠨ ᠲᠣᠨ ᠰᠢᠯᠢ ᠰᠢᠷᠬᠡᠭ᠂ ᠶᠡᠷᠦᠩᠬᠡᠢ ᠪᠡᠯᠡ ᠣᠷᠤᠭᠤᠯᠤᠯᠲᠠ ᠨᠢ 28.28 ᠳ᠋ᠦᠩᠰᠢᠭᠤᠷ ᠲᠥᠭᠦᠷᠢᠭ ᠤᠨ ᠰᠢᠨ ᠬᠤᠸᠠ ᠶᠢᠨ 1 ᠲᠦᠮᠡᠨ ᠲᠣᠨ ᠤ ᠡᠯᠧᠺᠲᠷᠣᠨ ᠤ ᠲᠠᠰ ᠤᠨ ᠣᠯᠠᠨ ᠲᠠᠯᠠᠰᠲᠤ ᠴᠠᠬᠢᠭᠤᠷ ᠤᠨ ᠲᠥᠷᠥᠯ ᠵᠦᠢᠯ᠂ ᠶᠡᠷᠦᠩᠬᠡᠢ ᠪᠡᠯᠡ ᠣᠷᠤᠭᠤᠯᠤᠯᠲᠠ ᠨᠢ 23 ᠳ᠋ᠦᠩᠰᠢᠭᠤᠷ ᠲᠥᠭᠦᠷᠢᠭ ᠤᠨ ᠳᠤᠮᠳᠠ ᠯᠢᠲ᠋ᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠶᠡᠷᠦᠩᠬᠡᠢ ᠪᠡᠯᠡ ᠣᠷᠤᠭᠤᠯᠤᠯᠲᠠ ᠨᠢ 8 ᠳ᠋ᠦᠩᠰᠢᠭᠤᠷ ᠲᠥᠭᠦᠷᠢᠭ ᠤᠨ ᠢᠯᠢ ᠶᠢᠨ ᠡᠷᠡᠭᠦᠯ ᠮᠡᠨᠳᠦ ᠶᠢᠨ ᠬᠥᠨᠳᠡᠢ ᠶᠢᠨ ᠰᠦᠨ ᠲᠠᠯᠬ᠎ᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠵᠡᠷᠭᠡ ᠴᠥᠮ ᠠᠵᠢᠯ ᠢᠶᠠᠨ ᠡᠬᠢᠯᠡᠭᠦᠯᠪᠡ᠃      ᠡᠭᠦᠨ ᠠᠴᠠ ᠭᠠᠳᠠᠨ᠎ᠠ᠂ ᠨᠢᠭᠡᠳᠦᠭᠡᠷ ᠤᠯᠠᠷᠢᠯ ᠳᠤ᠂ ᠠᠵᠤ ᠦᠢᠯᠡᠳᠪᠦᠷᠢ ᠶᠢᠨ ᠲᠣᠭᠲᠠᠮᠠᠯ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠠᠪᠠᠭᠰᠠᠨ ᠭᠠᠵᠠᠷ ᠣᠷᠣᠨ ᠪᠣᠯ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠦᠴᠦᠸᠠᠨ ᠰᠢᠶᠠᠨ ᠪᠠ ᠰᠢᠨ᠎ᠡ ᠬᠤᠲᠠ ᠲᠣᠭᠤᠷᠢᠭ ᠪᠣᠯᠣᠨ᠎ᠠ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 913.4%᠂ 780.2% ᠪᠠ 239.9% ᠪᠠᠷ ᠨᠡᠮᠡᠭᠳᠡᠪᠡ᠃ ᠰᠠᠶᠢᠬᠠᠨ ᠲᠣᠭᠤᠷᠢᠭ᠂ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤ ᠪᠣᠯᠣᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ ᠪᠦᠬᠦ ᠬᠤᠳᠠ ᠶᠢᠨ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢ ᠨᠡᠯᠢᠶᠡᠳ ᠡᠷᠴᠢᠮ ᠲᠠᠢ ᠲᠠᠶᠢᠴᠢᠯᠠᠵᠠᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ