ᠪᠣᠣ ᠭᠠᠩ ᠮᠠᠨ ᠤ ᠬᠤᠳᠠ ᠶᠢᠨ ᠣᠨᠴᠠᠯᠢᠭᠲᠤ ᠰᠣᠶᠣᠯ ᠵᠢᠭᠤᠯᠴᠢᠯᠠᠯ ᠤᠨ ᠲᠦᠷᠦᠯ ᠵᠦᠢᠯ ᠵᠢᠴᠢ ᠪᠠᠶᠠᠷ ᠳᠤᠷᠠᠰᠬᠠᠯ ᠤᠨ ᠡᠳᠦᠷ ᠤᠨ ᠬᠥᠳᠡᠯᠭᠡᠭᠡᠨ ᠢ ᠪᠡᠯᠡᠳᠬᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/27
ᠰᠣᠶᠣᠯ ᠵᠢᠭᠤᠯᠴᠢᠯᠠᠯ ᠤᠨ ᠰᠢᠯᠢᠳᠡᠭ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ ᠬᠤᠲᠠ ᠶᠢᠨ ᠠᠷᠠᠳ ᠲᠤ ᠨᠠᠩ ᠣᠯᠠᠨ ᠳᠡᠷᠭᠡᠳᠡᠬᠢ ︽ᠰᠢᠯᠦᠭ ᠪᠠ ᠠᠯᠤᠰ ᠬᠤᠯᠠ︾ ᠶᠢ ᠬᠠᠩᠭᠠᠨ᠎ᠠ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠳᠠ ᠶᠢᠨ ᠳᠥᠷᠪᠡᠨ ᠲᠣᠭᠤᠷᠢᠭ ᠲᠤ ᠭᠦᠨᠵᠡᠭᠡᠶᠢᠷᠡᠵᠦ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠣᠨᠴᠠᠯᠢᠭᠲᠤ ᠰᠣᠶᠣᠯ ᠵᠢᠭᠤᠯᠴᠢᠯᠠᠯ ᠤᠨ ᠲᠦᠷᠦᠯ ᠵᠦᠢᠯ ᠵᠢᠴᠢ ᠪᠠᠶᠠᠷ ᠳᠤᠷᠠᠰᠬᠠᠯ ᠤᠨ ᠡᠳᠦᠷ ᠤᠨ ᠬᠥᠳᠡᠯᠭᠡᠭᠡᠨ ᠢ ᠪᠡᠯᠡᠳᠬᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃      ᠪᠣᠣ ᠭᠠᠩ ᠤᠷᠢᠳ ᠬᠤᠵᠢᠳ ᠰᠠᠶᠢᠬᠠᠨ ᠲᠣᠭᠤᠷᠢᠭ ᠤᠨ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠨᠠᠭᠤᠷ ᠤᠨ ᠲᠣᠬᠤᠢ ᠰᠢᠭᠤᠢ ᠶᠢᠨ ᠭᠡᠷ ᠬᠡᠭᠡᠷ᠎ᠡ ᠬᠤᠨᠣᠭᠯᠠᠬᠤ ᠭᠠᠵᠠᠷ᠂ ᠶᠦᠨ ᠰᠢᠶᠠᠨ ᠬᠤᠳᠠ ᠶᠢᠨ ᠪᠠᠭᠤᠴᠠ᠂ ᠢᠦᠢ ᠴᠢᠤᠸᠠᠨ ᠲᠣᠭᠤᠷᠢᠭ ᠤᠨ ᠤᠢ ᠶᠢᠨ ᠴᠢᠯᠦᠭᠡ᠂ ᠰᠢᠩ ᠴᠧᠩ ᠢ ᠶᠤᠸᠠᠨ ᠬᠡᠭᠡᠷ᠎ᠡ ᠬᠤᠨᠣᠭᠯᠠᠬᠤ ᠰᠠᠭᠤᠷᠢᠨ ᠭᠠᠵᠠᠷ᠂ ᠬᠤᠲᠤᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠢ ᠶᠢᠨ ᠭᠦ᠋ ᠹᠧᠩ ᠰᠢᠩ ᠰᠥᠨᠢ ᠶᠢᠨ ᠵᠠᠬ᠎ᠠ᠂ ᠰᠢᠨ᠎ᠡ ᠬᠤᠳᠠ ᠶᠢᠨ ᠲᠣᠭᠤᠷᠢᠭ ᠤᠨ ᠤᠰᠤᠨ ᠲᠡᠭᠡᠷᠮ᠎ᠡ ᠶᠢᠨ ᠲᠠᠮᠢᠷ ᠤᠨ ᠰᠡᠯᠡᠭᠦᠴᠡᠯ ᠤᠨ ᠵᠢᠵᠢᠭ ᠪᠠᠯᠭᠠᠰᠤ᠂ ᠴᠢᠤᠸᠠᠨ ᠰᠢ ᠭᠦ᠋ ᠬᠡᠭᠡᠷ᠎ᠡ ᠬᠤᠨᠣᠭᠯᠠᠬᠤ ᠭᠠᠵᠠᠷ᠂ ᠶᠦᠨ ᠱᠠᠩ ᠴᠢᠯᠦᠭᠡᠲᠦ ᠲᠠᠷᠢᠶᠠᠯᠠᠩ ᠤᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠵᠠᠬ᠎ᠠ ᠳᠡᠯᠭᠡᠭᠦᠷ ᠤᠨ ᠡᠵᠡᠩᠨᠡᠯᠲᠡ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠪᠣᠣ ᠭᠠᠩ ᠵᠢᠭᠠᠬᠤ ᠳᠠᠭᠠᠨ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠳᠠ ᠬᠤᠳᠠ ᠶᠢᠨ ᠠᠷᠠᠳ ᠪᠣᠯᠣᠨ ᠵᠢᠭᠤᠯᠴᠢᠯᠠᠭᠴᠢᠳ ᠤᠨ ᠰᠣᠶᠣᠯ ᠤᠨ ᠬᠡᠷᠡᠭᠯᠡᠭᠡ᠂ ᠰᠡᠯᠡᠭᠦᠴᠡᠯ ᠵᠤᠭᠠᠴᠠᠯ ᠤᠨ ᠤᠷᠬᠢᠯ ᠢ ᠤᠭᠲᠤᠬᠤ ᠪᠣᠯᠣᠨ᠎ᠠ᠃ ᠰᠣᠶᠣᠯ ᠵᠢᠭᠤᠯᠴᠢᠯᠠᠯ ᠤᠨ ᠰᠢᠯᠢᠳᠡᠭ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠬᠥᠬᠡᠬᠤᠲᠠ ᠶᠢᠨ ᠳᠠᠯᠠᠨ ᠬᠠᠷ᠎ᠠ ᠠᠭᠤᠯᠠ᠂ ᠶᠡᠭᠡ ᠲᠦᠷᠭᠡᠨ ᠭᠤᠣᠯ ᠵᠡᠷᠭᠡ ᠠᠮᠢ ᠠᠬᠤᠢ ᠶᠢᠨ ᠡᠬᠢ ᠪᠠᠶᠠᠯᠢᠭ ᠲᠤ ᠲᠦᠰᠢᠭᠯᠡᠵᠦ᠂ ᠰᠢᠩᠭᠡᠬᠦ ᠮᠠᠶ᠋ᠢᠭ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃ ᠣᠨᠴᠠᠯᠢᠭᠲᠤ ᠠᠮᠲᠠᠲᠤ ᠢᠳᠡᠭᠡᠨ᠂ ᠬᠡᠭᠡᠷ᠎ᠡ ᠬᠤᠨᠣᠭᠯᠠᠬᠤ ᠠᠷᠠᠳ ᠤᠨ ᠬᠤᠨᠤᠭ᠂ ᠠᠷᠠᠳ ᠤᠨ ᠵᠠᠩ ᠦᠢᠯᠡ ᠰᠣᠶᠣᠯ ᠵᠡᠷᠭᠡ ᠭᠤᠣᠯ ᠰᠡᠳᠦᠪ ᠤᠨ ᠲᠣᠭᠤᠷᠢᠨ ᠳᠤ᠂ ᠬᠡᠭᠡᠷ᠎ᠡ ᠬᠤᠨᠣᠭᠯᠠᠬᠤ ᠤᠯᠠᠷᠢᠯ᠂ ᠠᠮᠲᠠᠲᠤ ᠢᠳᠡᠭᠡᠨ ᠤ ᠨᠠᠶᠢᠷ᠂ ᠠᠯᠬᠤᠬᠤ ᠳᠤᠭᠤᠢ ᠤᠨᠤᠬᠤ᠂ ᠪᠢᠴᠢᠯ ᠮᠠᠷᠠᠽᠤᠨ ᠵᠡᠷᠭᠡ ᠰᠣᠶᠣᠯ ᠵᠢᠭᠤᠯᠴᠢᠯᠠᠯ ᠤᠨ ᠰᠢᠷᠢᠰ ᠬᠥᠳᠡᠯᠭᠡᠭᠡᠨ ᠢ ᠥᠷᠨᠢᠭᠦᠯᠵᠦ᠂ ᠬᠤᠳᠠ ᠶᠢᠨ ᠠᠷᠠᠳ ᠲᠤ ᠨᠡᠩ ᠤᠯᠠᠨ ᠳᠡᠷᠭᠡᠳᠡᠬᠢ ︽ᠰᠢᠯᠦᠭ ᠪᠠ ᠠᠯᠤᠰ ᠬᠤᠯᠠ︾ ᠶᠢ ᠬᠠᠩᠭᠠᠵᠤ᠂ ᠵᠤᠭᠠᠴᠠᠭᠰᠠᠳ ᠲᠤ ᠬᠥᠬᠡᠬᠤᠲᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠬᠥᠬᠡᠬᠤᠲᠠ ᠶᠢᠨ ᠠᠷᠠᠳ ᠲᠦᠮᠡᠨ ᠤ ᠬᠠᠯᠠᠭᠤᠨ ᠵᠣᠴᠢᠨᠰᠠᠭ ᠰᠡᠳᠬᠢᠯᠭᠡ ᠶᠢ ᠮᠡᠳᠡᠷᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠵᠠᠭᠤᠴᠢᠯᠠᠭᠤᠷ ᠤᠨ ᠲᠠᠪᠴᠠᠩ ᠢ ᠰᠠᠶᠢᠲᠤᠷ ᠠᠰᠢᠭᠯᠠᠵᠤ᠂ ᠠᠳᠠᠯᠢ ᠪᠤᠰᠤ ᠭᠤᠣᠯ ᠰᠡᠳᠦᠪᠲᠦ ᠵᠢᠭᠤᠯᠴᠢᠯᠠᠯ ᠤᠨ ᠠᠷᠭ᠎ᠠ ᠪᠣᠳᠣᠯᠭ᠎ᠠ ᠪᠣᠯᠣᠨ ᠣᠨᠴᠠᠯᠢᠭᠲᠤ ᠰᠣᠶᠣᠯ ᠵᠢᠭᠤᠯᠴᠢᠯᠠᠯ ᠤᠨ ᠬᠥᠳᠡᠯᠭᠡᠭᠡᠨ ᠢ ᠤᠬᠠᠭᠤᠯᠤᠨ ᠲᠠᠨᠢᠯᠴᠠᠭᠤᠯᠵᠤ᠂ ︽ᠤᠷᠤᠰᠬᠠᠯ ᠤᠨ ᠬᠡᠮᠵᠢᠶ᠎ᠡ︾ ᠶᠢ ︽ᠦᠯᠡᠳᠡᠬᠦ ᠬᠡᠮᠵᠢᠶ᠎ᠡ︾ ᠪᠣᠯᠭᠠᠨ ᠬᠤᠪᠢᠷᠠᠭᠤᠯᠵᠤ᠂ ᠨᠡᠩ ᠤᠯᠠᠨ ︽ᠰᠦᠯᠵᠢᠶᠡᠨ ᠳᠡᠭᠡᠷᠡᠬᠢ ᠨᠡᠷ᠎ᠡ ᠠᠯᠳᠠᠷᠰᠢᠭᠰᠠᠨ ᠭᠠᠵᠠᠷ︾ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠮ ᠬᠠᠷᠢᠯᠴᠠᠭ᠎ᠠ ᠶᠢ ᠪᠠᠲᠤᠯᠠᠬᠤ᠂ ᠢᠳᠡᠭᠡᠨ ᠤ ᠠᠶᠤᠯᠭᠦᠢ᠂ ᠦᠨ᠎ᠡ ᠬᠠᠩᠰᠢ ᠶᠢ ᠬᠢᠨᠠᠨ ᠬᠠᠮᠢᠶᠠᠷᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠬᠤᠳᠠ ᠶᠢᠨ ᠠᠷᠠᠳ ᠪᠣᠯᠣᠨ ᠵᠢᠭᠤᠯᠴᠢᠯᠠᠭᠴᠢᠳ ᠲᠤ ᠰᠡᠳᠬᠢᠯ ᠠᠮᠤᠷ ᠰᠠᠨᠠᠭ᠎ᠠ ᠠᠭᠤᠵᠢᠭᠤ ᠠᠶᠠᠲᠠᠢ ᠲᠠᠭᠠᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠬᠦ ᠬᠡᠷᠡᠭᠲᠡᠢ ᠭᠡᠵᠡᠢ᠃      ᠯᠢᠦ ᠵᠢᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ