ᠴᠢᠩ ᠱᠦᠢ ᠾᠧ ᠰᠢᠶᠠᠨ᠄ ᠬᠡᠷᠡᠮ ᠢ ᠨᠤᠷᠠᠭᠠᠵᠤ ᠬᠦᠷᠢᠶ᠎ᠡ ᠶᠢ ᠨᠡᠶᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2023/4/4
      4 ᠳ᠋ᠦ᠋ᠭᠡᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠬᠡᠷᠡᠮ ᠢ ᠨᠤᠷᠠᠭᠠᠵᠤ ᠬᠦᠷᠢᠶ᠎ᠡ ᠨᠡᠶᠢᠯᠡᠭᠦᠯᠬᠦ ᠪᠠ 109 ᠤᠯᠤᠰ ᠤᠨ ᠵᠠᠮ ᠢ ᠴᠡᠭᠴᠡᠯᠡᠨ ᠵᠠᠰᠠᠬᠤ ᠠᠵᠢᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
清水河县:拆墙并院整合提升 优化居民生活环境.jpg
      ᠬᠤᠷᠠᠯ ᠠᠴᠠ ᠴᠢᠬᠤᠯᠠᠴᠢᠯᠠᠭᠰᠠᠨ ᠨᠢ᠂ ᠬᠡᠷᠡᠮ ᠢ ᠨᠤᠷᠠᠭᠠᠵᠤ ᠬᠦᠷᠢᠶ᠎ᠡ ᠶᠢ ᠨᠡᠶᠢᠯᠡᠭᠦᠯᠬᠦ ᠵᠢᠴᠢ 109 ᠤᠯᠤᠰ ᠤᠨ ᠵᠠᠮ ᠢ ᠴᠡᠭᠴᠡᠯᠡᠨ ᠵᠠᠰᠠᠬᠤ ᠠᠵᠢᠯ ᠪᠣᠯ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠣᠨ᠎ᠠ᠂ ᠬᠡᠷᠡᠮ ᠢ ᠨᠤᠷᠠᠭᠠᠵᠤ ᠬᠦᠷᠢᠶ᠎ᠡ ᠶᠢ ᠨᠡᠶᠢᠯᠡᠭᠦᠯᠬᠦ ᠪᠠᠷ ᠳᠠᠮᠵᠢᠨ ᠡᠬᠢ ᠪᠠᠶᠠᠯᠢᠭ ᠢ ᠨᠡᠶᠢᠳᠬᠡᠵᠦ  ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠣᠷᠣᠨ ᠵᠠᠢ ᠶᠢ ᠥᠷᠭᠡᠳᠬᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃ᠡᠯ᠎ᠡ ᠰᠠᠯᠠᠭ᠎ᠠ ᠮᠥᠴᠢᠷ ᠤᠨ ᠬᠢᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠥᠰᠥᠯ ᠤᠨ ᠡᠭᠦᠷᠭᠡ ᠶᠢ ᠨᠠᠷᠢᠯᠢᠭᠵᠢᠭᠤᠯᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠷᠳᠤᠴᠠ ᠪᠠᠨ ᠲᠦᠷᠭᠡᠳᠬᠡᠨ ᠯᠠᠪᠳᠠᠭᠤᠨ ᠪᠠᠲᠤᠲᠠᠢ ᠠᠬᠢᠭᠤᠯᠵᠤ᠂ ᠬᠤᠲᠠ ᠶᠢᠨ ᠪᠣᠯᠪᠠᠰᠤᠨ ᠤ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠲᠠᠪᠤᠨ ᠲᠣᠬᠢᠷᠠᠮᠵᠢᠲᠠᠢ ᠰᠢᠶᠠᠨ ᠤ ᠬᠤᠲᠠ︾ ᠶᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠯᠢ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ