ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠥᠵᠢᠭ ᠤᠨ ᠤᠷᠤᠯᠳᠤᠭᠠᠨ ᠳᠤ ᠮᠠᠨ ᠤ ᠬᠤᠲᠠ ᠶᠢᠨ ᠣᠯᠠᠨ ᠪᠦᠲᠦᠭᠡᠯ ᠱᠠᠩᠨᠠᠯ ᠭᠠᠷᠳᠠᠪᠠ
ᠨᠡᠶᠢᠲᠡᠯᠡᠭᠰᠡᠨ ᠴᠠᠭ᠄
2023/4/4
 
ᠬᠠᠮᠲᠤ ᠶᠢᠨ ᠪᠥᠵᠢᠭ ︽ᠲᠡᠮᠦᠷ ᠬᠡᠦᠬᠡᠨ︾ ᠤ ᠵᠦᠴᠦᠭᠡ ᠶᠢᠨ ᠭᠡᠷᠡᠯ ᠵᠢᠷᠤᠭ
︽ᠤᠯᠠᠭᠠᠨᠬᠠᠳᠠ ᠶᠢᠨ ᠬᠠᠰ ᠯᠣᠣ ᠶᠢᠨ ᠳᠠᠭᠤᠤ︾ ᠶᠢᠨ ᠵᠦᠴᠦᠭᠡ ᠶᠢᠨ ᠭᠡᠷᠡᠯ ᠵᠢᠷᠤᠭ
ᠬᠠᠮᠲᠤ ᠶᠢᠨ ᠪᠥᠵᠢᠭ ︽ᠬᠤᠨᠳᠠᠭᠠᠨ ᠪᠦᠵᠢᠭ︾ ᠤᠨ ᠵᠦᠴᠦᠭᠡ ᠶᠢᠨ ᠭᠡᠷᠡᠯ ᠵᠢᠷᠤᠭ        ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠥᠵᠢᠭ ᠤᠨ ᠤᠷᠤᠯᠳᠤᠭᠠᠨ 3 ᠳ᠋ᠤᠭᠠᠷ ᠰᠠᠷ᠎ᠠ ᠶᠢᠨ 27 ᠤ ᠡᠳᠦᠷ ᠠᠴᠠ 4 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ ᠶᠠᠪᠤᠭᠳᠠᠪᠠ᠃ ᠬᠤᠳᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠳᠠᠭᠤᠯᠠᠯᠲᠤ ᠵᠦᠴᠦᠭᠡ ᠪᠥᠵᠢᠭᠲᠦ ᠵᠦᠴᠦᠭᠡ ᠶᠢᠨ ᠬᠦᠷᠢᠶᠡᠯᠡᠩ ᠤᠨ ᠵᠣᠬᠢᠶᠠᠨ ᠪᠦᠲᠦᠭᠡᠭᠰᠡᠨ ᠪᠥᠵᠢᠭ ᠤᠨ ᠪᠦᠲᠦᠭᠡᠯ ︽ᠤᠯᠠᠭᠠᠨᠬᠠᠳᠠ ᠶᠢᠨ ᠶᠢᠨ ᠬᠠᠰ ᠯᠣᠣ ᠶᠢᠨ ᠳᠠᠭᠤᠤ︾᠂ ︽ᠲᠡᠮᠦᠷ ᠬᠡᠦᠬᠡᠨ︾᠂ ︽ᠬᠤᠨᠳᠠᠭᠠᠨ ᠪᠥᠵᠢᠭ︾᠂ ︽ᠬᠤᠷᠴᠢᠨ ᠤ ᠢᠮ ᠲᠠᠮᠠᠭ᠎ᠠ︾ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠦᠯᠬᠦᠮ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠵᠠᠢ᠃      ᠲᠣᠰ ᠬᠤᠭᠤᠴᠠᠭᠠᠨ ᠤ ᠤᠷᠤᠯᠳᠤᠭᠠᠨ ᠳᠤ ᠲᠤᠰᠬᠠᠢ ᠮᠡᠷᠭᠡᠵᠢᠯ ᠤᠨ ᠬᠦᠷᠢᠶᠡᠯᠡᠩ ᠪᠦᠯᠬᠦᠮ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠳᠤ ᠳᠡᠭᠡᠳᠦ ᠲᠠᠰ ᠤᠨ ᠲᠣᠭᠯᠠᠯᠲᠠ ᠶᠢᠨ ᠱᠠᠩᠨᠠᠯ ᠳᠤ 4 ᠠᠯᠲᠠᠨ ᠮᠧᠲᠠᠯ 7 ᠮᠥᠩᠭᠦᠨ ᠮᠧᠳᠠᠯ 12 ᠬᠦᠷᠡᠯ ᠮᠧᠳᠠᠯ ᠲᠣᠬᠢᠷᠠᠭᠤᠯᠵᠠᠢ᠃ ᠬᠤᠲᠠ ᠶᠢᠨ ᠳᠠᠭᠤᠯᠠᠯᠲᠤ ᠵᠦᠴᠦᠭᠡ ᠪᠥᠵᠢᠭᠲᠦ ᠵᠦᠴᠦᠭᠡ ᠶᠢᠨ ᠬᠦᠷᠢᠶᠡᠯᠡᠩ ᠤᠨ 4 ᠪᠦᠲᠦᠭᠡᠯ ᠨᠢ ᠨᠡᠶᠢᠲᠡ 2 ᠠᠯᠲᠠᠨ ᠮᠧᠳᠠᠯ 1 ᠮᠥᠩᠭᠦᠨ ᠮᠧᠳᠠᠯ 1 ᠭᠠᠤᠯᠢᠨ ᠮᠧᠳᠠᠯ ᠭᠠᠷᠳᠠᠵᠤ᠂ ᠵᠣᠬᠢᠶᠠᠨ ᠪᠦᠲᠦᠭᠡᠯᠭᠡ ᠶᠢᠨ ᠱᠠᠩᠨᠠᠯ ᠤᠨ ᠠᠯᠲᠠᠨ ᠮᠧᠲᠠᠯ 2᠂ ᠮᠥᠩᠭᠦᠨ ᠮᠧᠳᠠᠯ 2᠂ ᠲᠤᠰ ᠳᠤᠭᠤᠶᠢᠯᠠᠩ ᠤᠨ ᠴᠣᠷ ᠤᠨ ᠭᠠᠭᠴᠠ ᠠᠶ᠎ᠠ ᠵᠣᠬᠢᠶᠠᠬᠤ ᠠᠯᠲᠠᠨ ᠮᠧᠳᠠᠯ 1᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ 1 ᠭᠠᠷᠳᠠᠵᠤ᠂ ᠨᠡᠶᠢᠲᠡ 10 ᠲᠣᠮᠣ ᠱᠠᠩᠨᠠᠯ ᠣᠯᠣᠭᠰᠠᠨ ᠪᠠᠶᠢᠨ᠎ᠠ᠃ ᠡᠭᠦᠨ ᠳᠤ ᠬᠠᠮᠲᠤ ᠶᠢᠨ ᠪᠥᠵᠢᠭ ︽ᠤᠯᠠᠭᠠᠨᠬᠠᠳᠠ ᠶᠢᠨ ᠬᠠᠰ ᠯᠣᠸ ᠶᠢᠨ ᠳᠠᠭᠤᠤ︾ ᠨᠢ ᠤᠷᠤᠯᠳᠤᠭᠠᠨ ᠤ ᠲᠣᠭᠯᠠᠯᠲᠠ ᠶᠢᠨ ᠠᠯᠲᠠᠨ ᠮᠧᠲᠠᠯ᠂ ᠵᠣᠬᠢᠶᠠᠨ ᠪᠦᠲᠦᠭᠡᠯᠭᠡ ᠶᠢᠨ ᠠᠯᠲᠠᠨ ᠮᠧᠲᠠᠯ᠂ ᠠᠶ᠎ᠠ ᠵᠣᠬᠢᠶᠠᠬᠤ ᠠᠯᠲᠠᠨ ᠮᠧᠲᠠᠯ ᠢ ᠭᠠᠷᠳᠠᠪᠠ︔ ᠬᠠᠮᠲᠤ ᠶᠢᠨ ᠪᠥᠵᠢᠭ ︽ᠲᠡᠮᠦᠷ ᠬᠡᠦᠬᠡᠨ︾ ᠤᠷᠤᠯᠳᠤᠭᠠᠨ ᠤ ᠲᠣᠭᠯᠠᠯᠲᠠ ᠶᠢᠨ ᠠᠯᠲᠠᠨ ᠮᠧᠲᠠᠯ᠂ ᠵᠣᠬᠢᠶᠠᠨ ᠪᠦᠲᠦᠭᠡᠯᠭᠡ ᠶᠢᠨ ᠠᠯᠲᠠᠨ ᠮᠧᠳᠠᠯ ᠢ ᠭᠠᠷᠳᠠᠪᠠ︔ ᠬᠠᠮᠲᠤ ᠶᠢᠨ ᠪᠥᠵᠢᠭ ︽ᠬᠤᠨᠳᠠᠭᠠᠨ ᠪᠥᠵᠢᠭ︾ ᠤᠷᠤᠯᠳᠤᠭᠠᠨ ᠤ ᠲᠣᠭᠯᠠᠯᠲᠠ ᠶᠢᠨ ᠮᠥᠩᠭᠦᠨ ᠮᠧᠲᠠᠯ᠂ ᠵᠣᠬᠢᠶᠠᠨ ᠪᠦᠲᠦᠭᠡᠯᠭᠡ ᠶᠢᠨ ᠮᠥᠩᠭᠦᠨ ᠮᠧᠲᠠᠯ ᠢ ᠭᠠᠷᠳᠠᠪᠠ︔ ᠬᠤᠣᠰ ᠬᠥᠮᠥᠨ ᠤ ᠪᠥᠵᠢᠭ ︽ᠬᠤᠷᠴᠢᠨ ᠤ ᠢᠮ ᠲᠠᠮᠠᠭ᠎ᠠ︾ ᠤᠷᠤᠯᠳᠤᠭᠠᠨ ᠤ ᠭᠠᠤᠯᠢᠨ ᠮᠧᠲᠠᠯ᠂ ᠵᠣᠬᠢᠶᠠᠨ ᠪᠦᠲᠦᠭᠡᠯᠭᠡ ᠶᠢᠨ ᠮᠥᠩᠭᠦᠨ ᠮᠧᠲᠠᠯ ᠢ ᠭᠠᠷᠳᠠᠪᠠ᠃ ᠴᠢᠶᠣᠤ ᠶᠦᠩ ᠾᠦᠩ  ᠮᠢᠶᠣᠣ ᠴᠢᠩ  ᠵᠧᠦ ᠴᠢ ᠰᠡᠭᠦᠳᠡᠷᠯᠡᠨ ᠮᠡᠳᠡᠭᠡᠯᠡᠪᠡ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ