ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 91 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/7
      4 ᠳ᠋ᠦ᠋ᠭᠡᠷ ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 91 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ 3 ᠳ᠋ᠤᠭᠠᠷ ᠰᠠᠷ᠎ᠠ ᠶᠢᠨ 30 ᠤ ᠡᠳᠦᠷ ᠤᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ  ᠬᠤᠷᠢᠳᠤᠭᠠᠷ ᠬᠤᠭᠤᠴᠠᠭᠠᠨ ᠤ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ︽2023 ᠣᠨ ᠤ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠤᠳᠤᠷᠢᠳᠬᠤ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠥᠮᠦᠵᠢᠯ ᠪᠣᠯᠪᠠᠰᠤᠷᠠᠯ ᠤᠨ ᠭᠤᠣᠯᠳᠠᠯᠭ᠎ᠠ ᠪᠣᠯᠭᠠᠵᠤ᠂ ᠡᠳᠦᠷ ᠳᠤᠳᠤᠮ ᠤᠨ ᠠᠵᠢᠯ ᠪᠣᠯᠣᠨ ᠬᠥᠮᠦᠵᠢᠯ ᠪᠣᠯᠪᠠᠰᠤᠷᠠᠯ ᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠰᠤᠷᠭᠠᠭᠤᠯᠢ ᠶᠢᠨ ᠤᠬᠠᠭᠤᠯᠭ᠎ᠠ ᠬᠥᠮᠦᠵᠢᠯ ᠤᠨ︽ᠭᠤᠣᠯ ᠵᠢᠭᠰᠠᠭᠠᠯ ᠤᠨ ᠭᠠᠵᠠᠷ︾  ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠠᠨ ᠤ ᠰᠢᠶᠠᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠤᠨ ᠴᠢᠨᠠᠷ ᠰᠠᠶᠢᠲᠠᠢ ᠠᠬᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠳᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢᠨ ᠦᠨᠳᠦᠰᠦᠨ ᠱᠠᠭᠠᠷᠳᠠᠯᠭ᠎ᠠ ᠪᠣᠯᠣᠨ᠎ᠠ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠡᠯᠪᠡᠭ ᠪᠠᠶᠠᠯᠢᠭ ᠤᠯᠠᠨ ᠶᠠᠩᠵᠤ ᠶᠢᠨ ᠤᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠭᠤᠣᠯ ᠰᠡᠳᠦᠪᠲᠦ ᠬᠥᠮᠦᠵᠢᠯ ᠤᠨ ᠥᠷᠨᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠠᠮᠢᠳᠤᠷᠠᠯ ᠳᠤ ᠭᠦᠨᠵᠡᠭᠡᠶᠢᠷᠡᠵᠦ᠂ ᠤᠯᠠᠨ ᠲᠦᠮᠡᠨ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠲᠢᠶᠠᠨ ᠼᠢ ᠶᠤᠸᠠᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠲᠤᠶᠢᠯ ᠤᠨ ᠥᠨᠳᠥᠷ ᠤᠯᠤᠰ ᠲᠦᠷᠦ ᠶᠢᠨ ᠵᠣᠭᠰᠣᠴᠠ ᠪᠠᠷ︽ᠠᠷᠠᠳ ᠲᠦᠮᠡᠨ ᠢ ᠳᠡᠭᠡᠳᠦᠯᠡᠬᠦ︾ᠪᠠ︽ᠠᠮᠢ ᠨᠠᠰᠤ ᠶᠢ ᠳᠡᠭᠡᠳᠦᠯᠡᠬᠦ︾ᠱᠠᠭᠠᠷᠳᠠᠯᠭ᠎ᠠ ᠶᠢ ᠪᠠᠲᠤ ᠴᠡᠭᠡᠵᠢᠯᠡᠵᠦ ᠦᠢᠯᠡᠳᠦᠯᠭᠡᠵᠢᠭᠦᠯᠵᠦ᠂ ᠨᠡᠩ ᠲᠥᠪ ᠴᠢᠩᠭ᠎ᠠ ᠣᠪᠣᠷ᠂ ᠴᠢᠩᠭ᠎ᠠ ᠱᠠᠭᠠᠷᠳᠠᠯᠭ᠎ᠠ᠂ ᠴᠢᠩᠭ᠎ᠠ ᠠᠷᠭ᠎ᠠ ᠬᠡᠮᠵᠢᠶ᠎ᠡ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠬᠡᠷᠡᠭᠲᠡᠢ᠃ᠠᠰᠠᠭᠤᠳᠠᠯ ᠤᠨ ᠪᠠᠶᠢᠭ᠎ᠠ ᠭᠠᠵᠠᠷ ᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂︽ᠨᠡᠬᠡᠮᠵᠢᠯᠡᠬᠦ ᠤᠬᠠᠮᠰᠠᠷ᠂ ᠬᠥᠭᠡᠭᠡᠴᠡᠯᠳᠦᠬᠦ ᠬᠤᠷᠳᠤᠴᠠ᠂ ᠳᠠᠪᠠᠭ᠋ᠤ ᠵᠣᠷᠢᠭ︾ ᠢᠶᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠣᠷᠣᠯᠴᠠᠵᠤ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ᠡᠭᠦᠨ ᠤ ᠬᠠᠮᠲᠤ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠦ ᠴᠢᠬᠤᠯᠠᠴᠢᠯᠠᠪᠠ᠃ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ