ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/10
5.9全县重点项目推进会召开.jpg
      5 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠳᠠᠭᠠᠭᠠᠴᠢᠯᠠᠨ ᠬᠤᠯᠪᠤᠭᠠᠯᠠᠭᠰᠠᠨ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ       ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠬᠤᠶᠠᠳᠤᠭᠠᠷ ᠤᠯᠠᠷᠢᠯ ᠳᠤ ᠡᠷᠡᠯᠬᠡᠭᠯᠡᠨ ᠲᠡᠮᠡᠴᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠬᠤᠷᠳᠤᠴᠠ︾ ᠶᠢ ᠲᠦᠷᠭᠡᠳᠬᠡᠵᠦ᠂ ᠳᠡᠭᠡᠷ᠎ᠡ ᠬᠠᠭᠠᠰ ᠵᠢᠯ ᠤᠨ ᠴᠠᠭ ᠬᠤᠭᠤᠴᠠᠭᠠᠨ ᠤ ᠡᠭᠦᠷᠭᠡ ᠶᠢᠨ ︽ᠬᠤᠣᠰ ᠬᠠᠭᠠᠰ︾ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ ᠳᠠᠭᠠᠭᠠᠴᠢᠯᠠᠨ ᠬᠤᠯᠪᠤᠭᠠᠯᠠᠭᠰᠠᠨ ᠤᠳᠤᠷᠢᠳᠤᠯᠭ᠎ᠠ ᠡᠷᠬᠡᠪᠰᠢ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ︽ᠲᠦᠷᠦᠯ ᠵᠦᠢᠯ ᠢ ᠶᠡᠬᠡᠪᠡᠷ ᠠᠳᠬᠤᠬᠤ᠂ ᠲᠤᠮᠤ ᠲᠦᠷᠦᠯ ᠵᠦᠢᠯ ᠢ ᠠᠳᠬᠤᠬᠤ᠂ ᠲᠦᠷᠦᠯ ᠵᠦᠢᠯ ᠢ ᠪᠣᠳᠠᠲᠠᠢ ᠠᠳᠬᠤᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠪᠠᠷ ︽ᠤᠷᠢᠬᠤ︾ ᠪᠠ ︽ᠨᠠᠶᠢᠳᠠᠪᠤᠷᠢᠵᠢᠭᠤᠯᠬᠤ︾ ᠳᠡᠭᠡᠷ᠎ᠡ ᠬᠦᠴᠦᠯᠡᠵᠦ᠂ ᠪᠦᠬᠦ ᠰᠢᠶᠠᠨ ᠤ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠨᠡᠭᠡᠭᠡᠯᠲᠡ ᠶᠢᠨ ᠲᠣᠭᠤᠷᠢᠭ ᠵᠡᠷᠭᠡ ᠬᠠᠷᠢᠭᠤᠴᠠᠯᠭᠠᠲᠤ ᠨᠢᠭᠡᠴᠡ ᠨᠦᠭᠦᠳ ᠭᠠᠷ ᠭᠦᠢᠴᠡᠳᠬᠡᠯ ᠢ ᠭᠦᠢᠴᠡᠳᠬᠡᠬᠦ ᠶᠢ ᠦᠷᠭᠦᠯᠵᠢᠯᠡᠨ ᠴᠢᠩᠭ᠎ᠠ ᠠᠩᠬᠠᠷᠴᠤ᠂ ᠠᠵᠤ ᠠᠬᠤᠶᠢᠯᠠᠯ ᠳᠤ ᠴᠢᠨᠠᠷ ᠰᠠᠶᠢᠲᠠᠶ ᠦᠶ᠋ᠯᠡᠴᠢᠯᠡᠭᠡ ᠬᠠᠩᠭᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠲᠤᠰᠬᠠᠶ ᠠᠩᠭᠢ ᠨᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠲᠥᠷᠥᠯ ᠵᠦᠢᠯ ᠤᠨ ᠬᠤᠷᠳᠤᠴᠠ ᠶᠢ ᠲᠦᠷᠭᠡᠳᠬᠡᠵᠦ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠪᠠᠷ ᠠᠬᠢᠭᠤᠯᠬᠤ ᠶᠢ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠺᠠᠳ᠋ᠷ ᠪᠠ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ᠂ ᠠᠵᠢᠯ ᠶᠠᠪᠤᠳᠠᠯ ᠬᠢᠬᠦ ᠦᠭᠡᠢ ᠺᠠᠳ᠋ᠷ ᠢ ᠢᠯᠡᠷᠡᠭᠦᠯᠵᠦ᠂ ︽ᠴᠢᠳᠠᠪᠤᠷᠢᠲᠠᠢ ᠶᠢ ᠨᠢ ᠳᠡᠪᠰᠢᠭᠦᠯᠵᠦ᠂ ᠰᠢᠯᠢᠳᠡᠭ ᠢ ᠨᠢ ᠱᠠᠩᠨᠠᠵᠤ᠂ ᠴᠢᠳᠠᠪᠤᠷᠢ ᠦᠭᠡᠢ ᠶᠢ ᠨᠢ ᠪᠠᠭᠤᠯᠭᠠᠵᠤ᠂ ᠮᠠᠭᠤ ᠶᠢ ᠨᠢ ᠰᠢᠭᠰᠢᠭᠳᠡᠭᠦᠯᠬᠦ︾ ᠬᠥᠮᠦᠨ ᠬᠡᠷᠡᠭᠯᠡᠬᠦ ᠤᠳᠤᠷᠢᠳᠤᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠭᠤᠤ ᠹᠧᠩ᠂ ᠸᠠᠩ ᠯᠠᠶ ᠵᠤ᠋ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ