ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠦᠵᠢᠭᠦᠯᠬᠦ — ᠵᠢᠭᠠᠨ ᠰᠤᠷᠭᠠᠯᠲᠠ ᠶᠢᠨ ᠳᠠᠳᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/10
      ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠬᠤᠷᠢᠨᠭᠡᠷ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠨᠢ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠶᠡᠬᠡᠪᠡᠷ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠤᠪᠢᠯᠠᠯᠲᠠ ᠶᠢᠨ ᠲᠤᠰᠬᠠᠢ ᠮᠡᠷᠭᠡᠵᠢᠯ ᠤᠨ 80 ᠭᠠᠷᠤᠢ ᠰᠤᠷᠤᠭᠴᠢ ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠢᠷᠡᠵᠦ᠂ ᠬᠤᠶᠠᠷ ᠭᠠᠷᠠᠭ ᠤᠨ ᠬᠤᠭᠤᠴᠠᠭ᠎ᠠ ᠲᠠᠢ ᠵᠢᠭᠠᠨ ᠰᠤᠷᠭᠠᠯᠲᠠ ᠶᠢᠨ ᠳᠠᠳᠤᠯᠭ᠎ᠠ ᠪᠠᠨ ᠡᠬᠢᠯᠡᠭᠦᠯᠵᠡᠢ᠃
5.10今日和林 图片新闻 和林格尔县人民医院与县职业中学开展校企合作人才培养1.jpg
      ᠲᠣᠰ ᠤᠳᠠᠭᠠᠨ ᠤ ᠳᠠᠳᠤᠯᠭ᠎ᠠ ᠶᠢᠨ ᠠᠵᠢᠯᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠪᠣᠯᠤᠨ ᠰᠤᠪᠢᠯᠠᠯᠲᠠ ᠶᠢᠨ ᠬᠡᠯᠲᠡᠰ ᠬᠠᠮᠲᠤᠷᠠᠨ ᠳᠠᠳᠤᠯᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠳᠠᠳᠤᠯᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠂ ᠳᠠᠶᠢᠴᠢᠯᠠᠯᠲᠠ ᠶᠢᠨ ᠬᠤᠷᠠᠯ ᠬᠢᠵᠦ᠂ ᠳᠠᠳᠤᠯᠭ᠎ᠠ ᠶᠢᠨ ᠵᠣᠷᠢᠯᠭ᠎ᠠ᠂ ᠳᠠᠳᠤᠯᠭ᠎ᠠ ᠶᠢᠨ ᠡᠭᠦᠷᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠳᠠᠳᠤᠯᠭ᠎ᠠ ᠶᠢᠨ ᠰᠠᠬᠢᠯᠭ᠎ᠠ ᠪᠠᠲᠤ ᠶᠢ ᠴᠢᠬᠤᠯᠠᠴᠢᠯᠠᠪᠠ᠃
5.10今日和林 图片新闻 和林格尔县人民医院与县职业中学开展校企合作人才培养2.jpg
 5.10今日和林 图片新闻 和林格尔县人民医院与县职业中学开展校企合作人才培养3.jpg    
      ᠲᠣᠰ ᠤᠳᠠᠭᠠᠨ ᠤ ᠳᠠᠳᠤᠯᠭ᠎ᠠ ᠳᠤ ᠨᠡᠶᠢᠲᠡ 7 ᠰᠠᠯᠠᠭ᠎ᠠ ᠲᠠᠰᠤᠭ ᠲᠠᠢ ᠬᠤᠯᠪᠣᠭᠳᠠᠵᠤ᠂ ᠰᠤᠷᠤᠭᠴᠢᠳ ᠲᠣᠰ ᠲᠣᠰ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠬᠡᠤᠬᠡᠳ ᠤᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠲᠦᠷᠭᠡᠨ ᠡᠮᠨᠡᠬᠦ ᠰᠠᠯᠠᠭ᠎ᠠ᠂ ᠡᠷᠡᠭᠦᠯᠵᠢᠭᠦᠯᠬᠦ ᠰᠠᠯᠠᠭ᠎ᠠ ᠵᠡᠷᠭᠡ ᠰᠠᠯᠠᠭ᠎ᠠ ᠲᠠᠰᠤᠭ ᠲᠤ ᠳᠠᠳᠤᠯᠭ᠎ᠠ ᠬᠢᠯᠭᠡᠬᠦ ᠪᠠᠷ ᠲᠣᠬᠢᠷᠠᠭᠤᠯᠵᠠᠶ᠃      ᠳᠠᠳᠤᠯᠭ᠎ᠠ ᠶᠢᠨ ᠶᠠᠪᠤᠴᠠ ᠳᠤ᠂ ᠡᠯ᠎ᠡ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠰᠤᠷᠤᠭᠴᠢᠳ ᠲᠤ ᠦᠢᠯᠡᠳᠦᠯᠭᠡ ᠶᠢᠨ ᠳᠤᠮᠳᠠ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠤ ᠬᠦᠴᠢᠯᠲᠥ᠋ᠷᠥᠭᠴᠢ ᠶᠢ ᠬᠡᠮᠵᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠰᠢᠩᠭᠡᠨ ᠶᠡᠭᠦᠯᠡᠬᠦ᠂ ᠰᠢᠩᠭᠡᠨ ᠪᠡᠶᠡᠲᠦ ᠶᠢ ᠰᠣᠯᠢᠬᠤ ᠵᠡᠷᠭᠡ ᠠᠷᠭ᠎ᠠ ᠵᠢᠴᠢ ᠠᠩᠬᠠᠷᠬᠤ ᠵᠦᠢᠯᠡᠰ ᠢ ᠡᠵᠡᠮᠰᠢᠭᠦᠯᠵᠦ᠂ ᠰᠤᠷᠤᠭᠴᠢᠳ ᠲᠤ ᠰᠤᠪᠢᠯᠠᠯᠲᠠ ᠶᠢᠨ ᠠᠵᠢᠯ ᠤᠨ ᠪᠠᠶᠢᠷᠢ ᠶᠢᠨ ᠪᠣᠳᠠᠲᠠᠶ ᠪᠣᠯᠪᠠᠰᠤᠷᠠᠯ ᠢ ᠪᠥᠬᠦ ᠲᠠᠯ᠎ᠠ ᠪᠠᠷ ᠣᠶᠢᠯᠠᠭᠠᠭᠤᠯᠵᠤ᠂ ᠣᠨᠣᠯ ᠪᠠ ᠦᠢᠯᠡᠳᠦᠯᠭᠡ ᠶᠢᠨ ᠭᠦᠨᠵᠡᠭᠡᠶ ᠠᠭᠤᠰᠤᠯᠴᠠᠯ ᠳᠤ ᠬᠦᠷᠦᠭᠦᠯᠪᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ