ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/10
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠱᠠᠪᠠᠭ᠋ᠠᠢ ᠰᠢᠶᠠᠩ ᠤᠨ ᠨᠠᠭᠤᠷ ᠪᠠᠶᠢᠰᠢᠩ ᠲᠣᠰᠬᠤᠨ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ  ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠢᠷᠭᠡᠨ ᠤ ᠬᠠᠤᠯᠢ ᠶᠢᠨ ᠪᠢᠴᠢᠭ︾ ᠵᠡᠷᠭᠡ 200 ᠭᠠᠷᠤᠶ ᠤᠬᠠᠭᠤᠯᠭ᠎ᠠ ᠶᠢᠨ ᠳᠡᠪᠲᠡᠷ᠂ 100 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠤ ᠬᠠᠮᠲᠤ ᠥᠷᠭᠡᠨ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠤᠷᠤᠯᠴᠠᠬᠤ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠭᠰᠠᠨ ᠪᠠᠶᠢᠨ᠎ᠠ᠃
      ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠥᠪᠡᠷ ᠤᠨ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠲᠠᠢ ᠤᠯᠠᠮ ᠨᠢᠭᠡ ᠠᠯᠬᠤᠮ ᠤᠶᠠᠯᠳᠤᠭᠤᠯᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠢ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ ᠳᠠᠳᠬᠠᠯ ᠲᠠᠢ ᠪᠣᠯᠭᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ 
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ