ᠬᠥᠬᠡᠬᠤᠲᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶᠠᠨ ᠤ ᠡᠶᠡᠳᠡᠭᠦᠯᠬᠦ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/5/10
       ︵ᠰᠤᠷᠪᠤᠯᠵᠢᠯᠠᠭᠴᠢ ᠮᠢᠶᠣᠣ ᠴᠢᠩ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠢᠢᠳᠪᠦᠷᠢᠯᠡᠬᠦ ᠳᠤᠮᠳᠠᠬᠢ ᠡᠶᠡᠳᠡᠭᠦᠯᠭᠡ ᠶᠢᠨ ᠦᠨᠳᠦᠰᠦᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠴᠠᠭ ᠲᠤᠬᠠᠢ ᠳᠤᠨᠢ ᠥᠨᠳᠥᠷ ᠪᠦᠲᠦᠮᠵᠢᠲᠡᠢ ᠰᠢᠢᠳᠪᠦᠷᠢᠯᠡᠵᠦ᠂ ᠬᠥᠳᠡᠯᠮᠦᠷᠢᠴᠢᠨ ᠬᠢᠭᠡᠳ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ ᠣᠶᠢᠷ᠎ᠠ ᠳᠤ᠂ ᠬᠥᠬᠡᠬᠤᠲᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶᠠᠨ ᠤ ᠡᠶᠡᠳᠡᠭᠦᠯᠬᠦ ᠲᠥᠪ ᠪᠠᠶᠢᠭᠤᠯᠤᠭᠳᠠᠪᠠ᠃      ᠡᠶᠡᠳᠡᠭᠦᠯᠬᠦ ᠲᠥᠪ ᠤᠨ ᠲᠤᠰᠢᠶᠠᠯ ᠬᠠᠷᠢᠭᠤᠴᠠᠯᠭ᠎ᠠ ᠳᠤ᠄ ᠬᠥᠳᠡᠯᠮᠦᠷᠢ ᠠᠵᠢᠯᠲᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠶᠢ ᠤᠬᠠᠭᠤᠯᠬᠤ︔ ᠡᠶᠡᠳᠡᠭᠦᠯᠦᠭᠴᠢ ᠳᠤ ᠬᠠᠮᠢᠶᠠᠷᠤᠯᠲᠠ ᠶᠠᠪᠤᠭᠤᠯᠬᠤ︔ ᠬᠠᠷᠢᠶ᠎ᠠ ᠭᠠᠵᠠᠷ ᠤᠨ ᠬᠡᠪᠴᠢᠶᠡᠨ ᠳᠤ ᠡᠭᠦᠰᠦᠭᠰᠡᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ︔ ᠡᠶᠡᠳᠡᠬᠦ ᠬᠡᠯᠡᠯᠴᠡᠭᠡᠷ᠂ ᠡᠶᠡᠳᠡᠭᠦᠯᠬᠦ ᠬᠡᠯᠡᠯᠴᠡᠭᠡᠷ ᠢ ᠭᠦᠢᠴᠡᠳᠬᠡᠬᠦ ᠳᠤ ᠬᠢᠨᠠᠯᠲᠠ ᠲᠠᠯᠪᠢᠬᠤ︔ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠲᠠᠢ ᠬᠠᠮᠵᠢᠯᠴᠠᠨ ᠬᠠᠷᠢᠶ᠎ᠠ ᠭᠠᠵᠠᠷ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠡᠷᠭᠡᠶᠢᠯᠡᠵᠦ ᠡᠶᠡᠳᠡᠭᠦᠯᠬᠦ ᠬᠠᠮᠢᠶ᠎ᠠ ᠪᠦᠬᠦᠢ ᠠᠵᠢᠯ︔ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠬᠡᠷᠡᠭ ᠢ ᠪᠦᠷᠢᠳᠬᠡᠬᠦ᠂ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢᠨ ᠮᠡᠳᠡᠭᠡ ᠵᠠᠩᠭᠢ ᠵᠢᠴᠢ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠳᠤ ᠬᠤᠯᠪᠣᠭᠳᠠᠬᠤ ᠪᠤᠰᠤᠳ ᠠᠵᠢᠯ ᠢ ᠳᠡᠭᠡᠭᠰᠢ ᠮᠡᠳᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ