︵ᠰᠤᠷᠪᠤᠯᠵᠢᠯᠠᠭᠴᠢ ᠸᠠᠩ ᠵᠦᠩ ᠵᠸᠦ︶ ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ 15 ᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠡᠳᠦᠷ ᠪᠣᠯᠣᠨ᠎ᠠ᠂ ᠡᠨᠡ ᠵᠢᠯ ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠨᠢ ︽ᠭᠠᠮᠰᠢᠭ ᠤᠨ ᠠᠶᠤᠯ ᠲᠦᠭᠰᠢᠭᠦᠷᠢ ᠶᠢ | ᠰᠡᠷᠭᠡᠶᠢᠯᠡᠵᠦ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠵᠠᠢ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ | ᠮᠡᠳᠡᠯᠭᠡ ᠶᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠣᠯᠠᠨ ᠲᠦᠮᠡᠨ ᠳᠤ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠲᠠᠯ᠎ᠠ ᠪᠠᠷ ᠬᠢ ᠠᠩᠬᠠᠷᠤᠯ ᠤᠨ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 9 ᠤ | ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠲᠠᠢ ᠬᠠᠮᠲᠤᠷᠠᠨ ᠡᠷᠭᠢᠯᠡᠭᠰᠡᠨ 2023 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠥᠪᠥᠷ ᠮᠣᠩᠭᠤᠯ ᠤᠨ ᠭᠤᠣᠯ ᠲᠠᠯᠠᠪᠤᠷ ᠤᠨ | ᠠᠵᠢᠯᠯᠠᠭ᠎ᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠶᠠᠪᠤᠭᠳᠠᠪᠠ᠃ | ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ︽ᠤᠯᠤᠰ ᠤᠨ ᠲᠠᠰ ᠤᠨ ᠭᠠᠵᠠᠷ ᠬᠥᠳᠡᠯᠦᠯᠲᠡ ᠶᠢ ᠰᠡᠷᠭᠡᠶᠢᠯᠡᠬᠦ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠣᠯᠭᠤᠪᠠ᠃ ᠣᠶᠢᠯᠠᠭᠠᠭᠰᠠᠨ ᠢᠶᠠᠷ᠂ 2022 ᠣᠨ ᠳᠤ᠂ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠦᠨᠡᠯᠡᠯᠲᠡ ᠪᠠᠷ ᠳᠡᠮᠵᠢᠨ᠂ ︽ᠤᠯᠤᠰ ᠤᠨ | ᠲᠠᠰ ᠤᠨ ᠭᠠᠵᠠᠷ ᠬᠥᠳᠡᠯᠦᠯᠲᠡ ᠶᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠢᠶᠠᠷ ᠦᠨᠡᠯᠡᠭᠳᠡᠵᠡᠢ᠃ ︽ᠭᠠᠵᠠᠷ | ᠬᠥᠳᠡᠯᠦᠯᠲᠡ ᠶᠢ ᠤᠷᠢᠳᠴᠢᠯᠠᠨ ᠵᠢᠱᠢᠬᠦ ᠳᠤ ᠶᠠᠭᠠᠬᠢᠭᠠᠳ ᠡᠶᠢᠮᠦ ᠬᠦᠴᠢᠷ ᠪᠠᠶᠢᠳᠠᠭ ᠪᠣᠶ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢ ᠲᠣᠭᠯᠠᠵᠤ᠂ ᠥᠪᠥᠷ | ᠮᠣᠩᠭᠤᠯ ᠤᠨ ᠭᠠᠵᠠᠷ ᠬᠥᠳᠡᠯᠦᠯᠲᠡ ᠶᠢᠨ ᠥᠷᠲᠡᠭᠡ ᠶᠢᠨ ᠳᠡᠭᠡᠳᠦ ᠵᠡᠷᠭᠡ ᠶᠢᠨ ᠢᠨᠵᠧᠨᠧᠷ ᠬᠤᠸ ᠮᠧᠢ ᠰᠢᠶᠠᠨ ︽ᠭᠠᠵᠠᠷ ᠬᠥᠳᠡᠯᠬᠦ ᠳᠤ ᠥᠪᠡᠷ ᠢ ᠪᠠᠨ ᠬᠡᠷᠬᠢᠨ ᠬᠠᠮᠠᠭᠠᠯᠠᠬᠤ ᠶᠢ ᠴᠢ | ᠮᠡᠳᠡᠨ᠎ᠡ ᠤᠤ︾ ᠭᠡᠬᠦ ᠮᠡᠲᠦ ᠶᠢᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠡ᠃ | ᠵᠠᠯᠭᠠᠭᠠᠳ᠂ ᠮᠠᠨ ᠤ ᠣᠷᠣᠨ ᠪᠠᠶᠠᠯᠢᠭ ᠠᠭᠤᠯᠭ᠎ᠠ ᠲᠠᠢ ᠬᠥᠳᠡᠯᠭᠡᠭᠡᠨ ᠤ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠷᠭ᠎ᠠ | ᠮᠠᠶ᠋ᠢᠭ ᠢᠶᠠᠷ ᠳᠠᠮᠵᠢᠨ ᠨᠠᠩ ᠣᠯᠠᠨ ᠬᠦᠮᠦᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠨᠢ ᠴᠢᠩᠭᠠᠷᠠᠭᠤᠯᠵᠤ᠂ ᠭᠠᠵᠠᠷ ᠬᠥᠳᠡᠯᠦᠯᠲᠡ ᠶᠢᠨ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ |