ᠠᠷᠠᠳ ᠲᠦᠮᠡᠨ ᠤ ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠢᠯ ᠢ ᠤᠯᠠᠨ ᠤ ᠰᠡᠳᠬᠢᠯ ᠳᠤ ᠬᠦᠷᠲᠡᠯ᠎ᠡ ᠰᠠᠶᠢᠨ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2023/5/11
ᠾᠧ ᠬᠠᠢ ᠳ᠋ᠦᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠠᠰᠠᠭᠤᠳᠠᠯ ᠲᠤᠰᠬᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ      ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠠᠷᠠᠳ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠲᠤ ᠬᠦᠷᠴᠦ ᠠᠰᠠᠭᠤᠳᠠᠯ ᠲᠤᠰᠬᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃ ᠲᠡᠷᠡ ᠴᠢᠬᠤᠯᠠᠴᠢᠯᠠᠬᠤ ᠳᠠᠭᠠᠨ᠂ ᠠᠷᠠᠳ ᠲᠦᠮᠡᠨ ᠢ ᠳᠡᠭᠡᠳᠦᠯᠡᠨ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠪᠠᠲᠤ ᠰᠠᠬᠢᠵᠤ᠂ ᠤᠯᠠᠨ ᠲᠦᠮᠡᠨ ᠤ ᠵᠣᠭᠰᠣᠯᠲᠠ ᠳᠤ ᠵᠣᠭᠰᠣᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠦᠬᠦᠨ ᠢ ᠰᠠᠶᠢᠲᠤᠷ ᠬᠢᠬᠦ ᠳᠡᠭᠡᠷ᠎ᠡ ᠢᠯᠡᠷᠡᠭᠦᠯᠵᠦ᠂ ᠬᠥᠮᠥᠨ ᠤ ᠪᠠᠶᠢᠳᠠᠯ ᠬᠡᠷᠡᠭ ᠶᠠᠪᠤᠳᠠᠯ ᠤᠨ ᠪᠠᠶᠢᠳᠠᠯ ᠳᠤᠨᠢ ᠲᠣᠬᠢᠷᠠᠭᠤᠯᠤᠨ ︽ᠰᠤᠳᠠᠯ ᠪᠠᠷᠢᠵᠤ ᠵᠣᠷ ᠪᠢᠴᠢᠬᠦ︾᠂ ᠬᠠᠤᠯᠢ ᠲᠣᠭᠲᠠᠭᠠᠯ ᠶᠣᠰᠣᠭᠠᠷ᠂ ᠵᠦᠢ ᠵᠣᠬᠢᠰᠲᠠᠢ ᠪᠠᠷ ᠤᠯᠠᠨ ᠲᠦᠮᠡᠨ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠢᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠦᠷᠲᠡᠯ᠎ᠡ ᠬᠢᠬᠦ ᠬᠡᠷᠡᠭᠲᠡᠢ ᠭᠡᠵᠡᠢ᠃      ᠲᠤᠰ ᠡᠳᠦᠷ᠂ ᠾᠧ ᠬᠠᠢ ᠳ᠋ᠦᠩ ᠤᠷᠢᠳ ᠬᠤᠵᠢᠳ ᠲᠠᠪᠤᠨ ᠪᠦᠯᠦᠭ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃ ᠰᠣᠷᠪᠤᠯᠵᠢᠯᠠᠭ᠎ᠠ ᠶᠢ ᠬᠦᠯᠢᠶᠡᠨ ᠠᠪᠬᠤ ᠳᠤᠮᠳᠠ᠂ ᠾᠧ ᠬᠠᠢ ᠳ᠋ᠦᠩ ᠰᠣᠨᠣᠰᠬᠤ ᠶᠢᠨ ᠳᠠᠭᠠᠤ ᠲᠡᠮᠳᠡᠭᠯᠡᠯ ᠬᠢᠵᠦ᠂ ᠮᠠᠲ᠋ᠧᠷᠢᠶᠠᠯ ᠢ ᠨᠠᠷᠢᠨ ᠬᠢᠨᠠᠮᠠᠭᠠᠢ ᠤᠷᠪᠠᠭᠤᠯᠤᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠠᠷᠭ᠎ᠠ ᠶᠢ ᠰᠤᠳᠤᠯᠵᠠᠢ᠃ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠳᠤ ᠬᠤᠭᠤᠴᠠᠭ᠎ᠠ ᠲᠣᠭᠲᠠᠭᠠᠨ ᠪᠣᠳᠠᠲᠠᠢ ᠰᠢᠢᠳᠪᠦᠷᠢᠯᠡᠬᠦ ᠶᠢ ᠳᠠᠭᠠᠭᠠᠯᠭᠠᠪᠠ᠃ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠬᠠᠷᠢᠭᠤ ᠥᠭᠭᠦᠭᠰᠡᠨ ᠰᠠᠨᠠᠯ ᠳᠤ ᠰᠡᠳᠬᠢᠯ ᠬᠠᠨᠤᠮᠵᠢᠲᠠᠢ ᠪᠠᠶᠢᠬᠤ ᠪᠠᠨ ᠢᠯᠡᠳᠬᠡᠪᠡ᠃      ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠠᠮ ᠪᠠ ᠵᠠᠰᠠᠭ ᠤᠨ ᠣᠷᠳᠣᠨ ᠤ ᠠᠷᠠᠳ ᠣᠯᠠᠨ ᠯᠤᠭ᠎ᠠ ᠶᠢᠨ ᠬᠠᠷᠢᠯᠴᠠᠭ᠎ᠠ ᠶᠢ ᠨᠢᠭᠲᠠᠷᠠᠭᠤᠯᠬᠤ ᠣᠨᠴᠠᠭᠠᠶ ᠬᠥᠭᠦᠷᠭᠡ ᠪᠠ ᠬᠤᠯᠪᠣᠭᠠᠰᠤ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠪᠠ ᠵᠠᠰᠠᠭ ᠤᠨ ᠶᠠᠪᠤᠳᠠᠯ ᠳᠤ ᠣᠯᠵᠤ ᠠᠯᠳᠠᠭᠰᠠᠨ ᠢ ᠣᠶᠢᠯᠠᠭᠠᠬᠤ ᠴᠢᠬᠤᠯᠠ ᠴᠣᠩᠬᠤ ᠮᠥᠨ ᠭᠡᠵᠡᠢ᠃ ᠲᠡᠷᠡ ᠱᠠᠭᠠᠷᠳᠠᠬᠤ ᠳᠠᠭᠠᠨ᠂ ᠤᠯᠠᠨ ᠲᠦᠮᠡᠨ ᠤ ᠵᠣᠭᠰᠣᠯᠲᠠ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ ᠳᠠᠭᠠᠨ ᠴᠢᠳᠠᠮᠠᠭᠠᠢ ᠪᠠᠶᠢᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠰᠠᠨᠠᠯ ᠢ ᠴᠤᠭᠯᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠬᠦ ᠬᠦᠴᠦᠨ ᠴᠢᠳᠠᠯ ᠢᠶᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠪᠡᠶ᠎ᠡ ᠪᠠᠨ ᠪᠥᠬᠦᠶᠢᠨ ᠰᠡᠳᠬᠢᠯ ᠢᠶᠠᠨ ᠲᠦᠪᠯᠡᠷᠡᠭᠦᠯᠦᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠤᠯᠠᠨ ᠲᠦᠮᠡᠨ ᠤ ᠰᠤᠷᠪᠤᠯᠵᠢᠯᠠᠬᠤ ᠪᠠᠷ ᠢᠷᠡᠭᠰᠡᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ︾ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠠᠶᠢᠲᠤᠷ ᠮᠥᠷᠳᠡᠨ ᠱᠠᠯᠠᠪᠳᠠᠭᠤᠯᠤᠨ ᠭᠦᠢᠴᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ ᠂ ᠤᠴᠢᠷ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠬᠠᠷᠢᠭᠤ ᠥᠭᠴᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠲᠦᠮᠡᠳ ᠵᠡᠭᠦᠨ ᠬᠤᠰᠢᠭᠤ᠂ ᠰᠢᠨ᠎ᠡ ᠬᠤᠳᠠ ᠲᠣᠭᠤᠷᠢᠭ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠣᠷᠪᠤᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ