ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠡᠰᠡᠭ ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠵᠣᠬᠢᠶᠠᠨ ᠪᠠᠶᠢᠭᠤᠯᠵᠤ ᠪᠡᠭᠡᠵᠢᠩ ᠲᠢᠶᠠᠨᠵᠢᠨ ᠣᠷᠣᠨ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/5/11
      ︵ᠰᠤᠷᠪᠤᠯᠵᠢᠯᠠᠭᠴᠢ ᠯᠢᠦᠢ ᠬᠤᠶ ᠱᠧᠩ︶ ᠣᠶᠢᠷ᠎ᠠ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠭᠦᠸᠧ ᠬᠤᠸᠠ ᠪᠦᠯᠬᠦᠮ ᠳᠠᠭᠠᠭᠤᠯᠤᠨ᠂ ᠬᠡᠰᠡᠭ ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠪᠡᠭᠡᠵᠢᠩ᠂ ᠲᠢᠶᠠᠨᠵᠢᠨ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃      ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢ ᠰᠤᠷᠪᠤᠯᠵᠢᠯᠠᠵᠤ᠂ ᠮᠠᠨ ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ᠬᠤᠶᠠᠷ ᠡᠷᠡᠭᠦᠯ︾ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠬᠠᠷᠢᠭᠤ ᠮᠡᠳᠡᠭᠦᠯᠬᠦ ᠶᠢᠨ ᠬᠠᠮᠲᠤ ᠮᠠᠨ ᠤ ᠬᠤᠳᠠ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠪᠠᠶᠢᠷᠢᠯᠠᠭᠤᠯᠤᠯᠲᠠ ᠪᠣᠯᠣᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠬᠤ ᠵᠣᠷᠢᠭ ᠢᠶᠠᠨ ᠢᠯᠡᠳᠬᠡᠪᠡ᠃      ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠠᠨᠢᠯᠴᠠᠭᠤᠯᠭ᠎ᠠ ᠪᠠᠷ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠪᠡᠭᠡᠵᠢᠩ ᠲᠢᠶᠠᠨᠵᠢᠨ ᠣᠷᠣᠨ ᠤ ᠤᠯᠠᠨ ᠬᠤᠳᠠᠯᠳᠤᠭᠠᠴᠢᠳ ᠤᠨ ᠨᠡᠶᠢᠭᠡᠮᠯᠢᠭ ᠪᠣᠯᠣᠨ ᠠᠵᠤ ᠠᠬᠤᠶᠢᠯᠠᠯ ᠢ ᠰᠤᠷᠪᠤᠯᠵᠢᠯᠠᠵᠤ᠂ ᠡᠯ᠎ᠡ ᠬᠤᠳᠠᠯᠳᠤᠭᠠᠴᠢᠳ ᠤᠨ ᠨᠡᠶᠢᠭᠡᠮᠯᠢᠭ ᠪᠣᠯᠣᠨ ᠠᠵᠤ  ᠠᠬᠤᠶᠢᠯᠠᠯᠲᠠᠳ ᠲᠤ ᠮᠠᠨ ᠤ ᠬᠤᠳᠠ ᠶᠢᠨ ᠬᠥᠭᠵᠢᠯᠲᠡ ᠶᠢᠨ ᠪᠠᠶᠢᠳᠠᠯ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠴᠢᠭᠯᠡᠯ ᠵᠡᠷᠭᠡ ᠠᠭᠤᠯᠭ᠎ᠠ ᠶᠢᠨ ᠲᠠᠯ᠎ᠠ ᠪᠠᠷ ᠲᠠᠨᠢᠯᠴᠠᠭᠤᠯᠬᠤ ᠶᠢᠨ ᠬᠠᠮᠲᠤ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ