︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠢᠷᠤᠭ ᠳᠦᠷᠰᠦ ᠶᠢᠨ ᠲᠥᠷᠥᠯ ᠤᠨ ᠡᠮᠴᠢᠯᠡᠭᠡᠨ ᠤ | ᠦᠢᠯᠡᠴᠢᠯᠡᠭᠡᠨ ᠤ ᠵᠦᠢᠯ ᠤᠨ ᠦᠨ᠎ᠡ ᠬᠠᠩᠰᠢ ᠶᠢ ᠵᠢᠷᠤᠮᠵᠢᠭᠤᠯᠤᠨ ᠲᠣᠬᠢᠷᠠᠭᠤᠯᠬᠤ ᠲᠤᠬᠠᠢ ᠬᠠᠮᠢᠶ᠎ᠠ ᠪᠦᠬᠦᠢ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ | ᠡᠩ ᠤᠨ ᠡᠮᠴᠢᠯᠡᠭᠡᠨ ᠤ ᠦᠢᠯᠡᠴᠢᠯᠡᠭᠡ᠂ ᠵᠢᠷᠤᠭ ᠳᠦᠷᠰᠦ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠵᠦᠢᠯ ᠤᠨ 206 ᠵᠦᠢᠯ ᠳᠤ | ᠲᠣᠬᠢᠷᠠᠭᠤᠯᠤᠯᠲᠠ ᠬᠢᠬᠦ ᠶᠢᠨ ᠬᠠᠮᠲᠤ 161 ᠵᠦᠢᠯ ᠢ ᠥᠷᠭᠡᠳᠬᠡᠨ ᠲᠣᠬᠢᠷᠠᠭᠤᠯᠤᠯᠲᠠ ᠬᠢᠪᠡ᠃ | ᠣᠶᠢᠯᠠᠭᠠᠭᠰᠠᠨ ᠢᠶᠠᠷ᠂ ᠡᠭᠦᠨ ᠳᠤ X ᠰᠠᠴᠤᠷᠠᠭ᠂ CT᠂ ᠰᠣᠷᠢᠨᠵᠢᠨ ᠳᠠᠷᠪᠢᠯᠲᠠ ᠶᠢᠨ ᠴᠢᠩᠭᠠᠷᠠᠭᠤᠯᠤᠭᠰᠠᠨ ᠳᠦᠷᠰᠦ ᠪᠦᠲᠦᠭᠡᠬᠦ ᠵᠡᠷᠭᠡ ᠠᠨᠠᠭᠠᠬᠤ | ᠤᠬᠠᠭᠠᠨ ᠤ ᠵᠢᠷᠤᠭ ᠳᠦᠷᠰᠦ ᠶᠢᠨ ᠦᠢᠯᠡᠴᠢᠯᠡᠭᠡᠨ ᠤ ᠦᠨ᠎ᠡ ᠨᠡᠯᠢᠶᠡᠳ ᠶᠡᠭᠡ ᠬᠡᠮᠵᠢᠶ᠎ᠡ ᠪᠠᠷ ᠪᠠᠭᠤᠷᠠᠪᠠ᠂ ᠵᠢᠱᠢᠶᠡᠯᠡᠪᠡᠯ ᠭᠤᠷᠪᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠶᠢᠨ ᠴᠡᠭᠡᠵᠢᠨ ᠬᠡᠰᠡᠭ ᠤᠨ X ᠰᠠᠴᠤᠷᠠᠭ ᠤᠨ ᠦᠨ᠎ᠡ ᠶᠢ 35 ᠲᠥᠭᠦᠷᠢᠭ ᠪᠠᠶᠢᠭᠰᠠᠨ ᠠᠴᠠ 25 ᠲᠥᠭᠦᠷᠢᠭ ᠪᠣᠯᠭᠠᠨ | ᠲᠣᠬᠢᠷᠠᠭᠤᠯᠪᠠ︔ ᠲᠣᠯᠣᠭᠠᠢ ᠶᠢᠨX ᠰᠠᠴᠤᠷᠠᠭ ᠤᠨ ᠺᠣᠮᠫᠢᠦ᠋ᠲ᠋ᠧᠷ ᠤᠨ ᠳᠠᠪᠬᠤᠷᠭ᠎ᠠ ︵CT︶ ᠶᠢᠨ ᠲᠡᠭᠰᠢ ᠰᠢᠷᠪᠢᠯᠲᠡ ᠶᠢᠨ ᠦᠨ᠎ᠡ ᠶᠢ 260 ᠲᠥᠭᠦᠷᠢᠭ | ᠪᠠᠶᠢᠭᠰᠠᠨ ᠠᠴᠠ 200 ᠲᠥᠭᠦᠷᠢᠭ ᠪᠣᠯᠭᠠᠨ ᠲᠣᠬᠢᠷᠠᠭᠤᠯᠪᠠ︔ ᠪᠦᠬᠦ ᠨᠢᠷᠤᠭᠤᠨ ᠤ X ᠰᠠᠴᠤᠷᠠᠭ ᠤᠨ ᠺᠣᠮᠫᠢᠦ᠋ᠲ᠋ᠧᠷ ᠤᠨ ᠳᠠᠪᠬᠤᠷᠭ᠎ᠠ ︵CT︶ ᠶᠢᠨ | ᠴᠢᠩᠭᠠᠷᠠᠭᠤᠯᠤᠭᠰᠠᠨ ᠰᠢᠷᠪᠢᠯᠲᠡ ᠶᠢᠨ ᠦᠨ᠎ᠡ ᠶᠢ 1500 ᠲᠥᠭᠦᠷᠢᠭ ᠪᠠᠶᠢᠭᠰᠠᠨ ᠠᠴᠠ 1125 ᠲᠥᠭᠦᠷᠢᠭ ᠪᠣᠯᠭᠠᠨ ᠲᠣᠬᠢᠷᠠᠭᠤᠯᠪᠠ︔ ᠲᠢᠲᠢᠮ | ᠰᠤᠳᠠᠯ ᠤᠨ ᠰᠣᠷᠢᠨᠵᠢᠨ ᠳᠠᠷᠪᠢᠯᠲᠠ ᠪᠠᠷ ᠳᠦᠷᠰᠦ ᠪᠦᠲᠦᠭᠡᠬᠦ ᠦᠨ᠎ᠡ ᠶᠢ 920 ᠲᠥᠭᠦᠷᠢᠭ ᠪᠠᠶᠢᠭᠰᠠᠨ ᠠᠴᠠ 708 ᠲᠥᠭᠦᠷᠢᠭ ᠪᠣᠯᠭᠠᠨ ᠲᠣᠬᠢᠷᠠᠭᠤᠯᠪᠠ᠃ | ᠲᠣᠰ ᠤᠳᠠᠭᠠᠨ ᠤ ᠲᠣᠬᠢᠷᠠᠭᠤᠯᠤᠯᠲᠠ ᠨᠢ ᠡᠪᠡᠳᠴᠢᠲᠡᠨ ᠤ ᠪᠠᠶᠢᠴᠠᠭᠠᠯᠲᠠ ᠶᠢᠨ ᠵᠠᠷᠤᠳᠠᠯ ᠢ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠡᠪᠡᠳᠴᠢᠲᠡᠨ ᠤ ᠡᠪᠡᠳᠴᠢᠨ | ᠦᠵᠡᠭᠦᠯᠬᠦ ᠳᠠᠷᠤᠭᠠᠰᠤ ᠶᠢ ᠬᠥᠩᠭᠡᠷᠡᠭᠦᠯᠪᠡ᠃ | |