ᠬᠤᠷᠢᠨᠭᠡᠷ ᠰᠢᠶᠠᠨ ᠤᠯᠤᠰ ᠤᠨ ᠬᠤᠶᠠᠳᠤᠭᠠᠷ ᠪᠦᠯᠦᠭ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠤ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/5/12
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠮᠠ ᠴᠢᠨ︶ 5 ᠳ᠋ᠤᠭᠠᠷ ᠰᠠᠷ᠎ᠠ ᠶᠢᠨ 10 ᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ︽ᠬᠤᠶᠠᠳᠤᠭᠠᠷ ᠪᠦᠯᠦᠭ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠳᠠ︶ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠬᠤᠷᠢᠨᠭᠡᠷ ᠰᠢᠶᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ︾ ᠭᠤᠣᠯ ᠰᠡᠳᠦᠪ ᠢᠶᠠᠷ ᠰᠣᠩᠭᠤᠭᠳᠠᠵᠤ᠂ ᠮᠠᠨ ᠤ ᠬᠤᠳᠠ ᠶᠢᠨ ᠠᠩᠬᠠᠳᠠᠭᠴᠢ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ᠤ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠣᠯᠵᠠᠢ᠃      2017 ᠣᠨ ᠤ 5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠵᠢᠯ ᠢ ᠪᠠᠶᠢᠷᠢᠯᠠᠭᠤᠯᠤᠨ ᠠᠬᠢᠭᠤᠯᠵᠤ᠂ ︽ᠨᠥᠬᠦᠴᠡᠯ ᠲᠠᠢ ᠰᠢᠶᠠᠨ ︵ᠬᠤᠲᠠ︶ ᠳᠤ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠢ ᠪᠦᠲᠦᠭᠡᠨ ᠪᠠᠶᠢᠭᠤᠯᠤᠨ᠎ᠠ︾ ᠭᠡᠵᠦ ᠳᠤᠷᠠᠳᠤᠨ ᠭᠠᠷᠭᠠᠵᠠᠢ᠃ 2018 ᠣᠨ ᠤ 8 ᠳ᠋ᠤᠭᠠᠷ ᠰᠠᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ︽ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠮᠵᠢ︾ ᠶᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠲᠤ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢ ᠪᠠᠷ ᠲᠣᠪᠣᠶᠢᠮ᠎ᠠ᠂ ᠰᠢᠨ᠎ᠡ ᠶᠢ ᠡᠭᠦᠳᠬᠦ ᠨᠥᠯᠥᠭᠡᠯᠡᠨ ᠳᠠᠭᠠᠭᠤᠯᠬᠤ ᠦᠢᠯᠡᠳᠦᠯ ᠢᠶᠠᠷ ᠴᠢᠩᠭ᠎ᠠ᠂ ᠠᠵᠤ ᠠᠬᠤᠢ ᠨᠡᠶᠢᠭᠡᠮ ᠵᠣᠬᠢᠴᠠᠩᠭᠤᠢ ᠬᠥᠭᠵᠢᠭᠰᠡᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠦᠭᠰᠡᠨ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠦᠯᠢᠭᠡᠷ ᠳᠠᠭᠤᠷᠢᠶᠠᠯ ᠢ ᠪᠣᠶ ᠪᠣᠯᠭᠠᠬᠤ ᠪᠠᠷ ᠲᠣᠭᠲᠠᠪᠠ᠃      ᠣᠶᠢᠷ᠎ᠠ ᠶᠢᠨ ᠵᠢᠯ ᠤᠨ ᠲᠤᠷᠰᠢ᠂ ᠬᠤᠷᠢᠨᠭᠡᠷ ᠰᠢᠶᠠᠨ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠡᠶᠢᠲᠡ 214 ᠬᠡᠷᠡᠭᠵᠢᠭᠦᠯᠵᠦ᠂ ᠰᠤᠳᠤᠯᠤᠨ ᠨᠡᠭᠡᠭᠡᠬᠦ ᠪᠡᠯᠡ ᠣᠷᠤᠭᠤᠯᠤᠯᠲᠠ 1.84 ᠳ᠋ᠦᠩᠰᠢᠭᠤᠷ ᠲᠥᠭᠦᠷᠢᠭ ᠬᠦᠷᠴᠦ᠂ ᠡᠯ᠎ᠡ ᠱᠠᠲᠤᠨ ᠤ ᠡᠯ᠎ᠡ ᠲᠥᠷᠥᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠠᠪᠴᠠᠩ ᠢ 44 ᠪᠠᠶᠢᠭᠤᠯᠤᠨ ᠪᠦᠲᠦᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠠᠵᠤ ᠠᠬᠤᠢ ᠨᠡᠶᠢᠭᠡᠮ ᠤᠨ ᠨᠡᠪᠲᠡᠷᠡᠨ ᠬᠥᠭᠵᠢᠬᠦ ᠰᠢᠨ᠎ᠡ ᠠᠷᠭ᠎ᠠ ᠵᠠᠮ ᠢ ᠨᠠᠪᠲᠠᠷᠡᠭᠦᠯᠵᠦ᠂ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢ ᠲᠠᠰᠤᠷᠠᠯᠲᠠ ᠦᠭᠡᠢ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ