ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠬᠦᠮᠦᠵᠢᠯ ᠢ ᠪᠠᠭ᠎ᠠ ᠠᠴᠠ ᠨᠢ ᠠᠳᠬᠤᠶ᠎ᠠ
ᠨᠡᠶᠢᠲᠡᠯᠡᠭᠰᠡᠨ ᠴᠠᠭ᠄
2023/5/12
20230512.jpg
       5 ᠳ᠋ᠤᠭᠠᠷ ᠰᠠᠷ᠎ᠠ ᠶᠢᠨ 11 ᠤ ᠡᠳᠦᠷ᠂ ᠢᠦᠢ ᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠦᠯᠭᠡ ᠶᠢᠨ ᠦᠵᠡᠮᠦᠷᠢ ᠶᠢ ᠲᠣᠭᠤᠷᠢᠨ ᠦᠵᠡᠬᠦ᠂ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠬᠦᠭᠡᠷᠦᠮᠵᠢ ᠶᠢ ᠣᠶᠢᠯᠠᠭᠠᠬᠤ᠂ ᠪᠠᠴᠢᠮ ᠠᠪᠤᠷᠠᠯᠳᠠ ᠶᠢᠨ ᠶᠡᠷᠦ ᠶᠢᠨ ᠮᠡᠳᠡᠯᠭᠡ ᠶᠢ ᠰᠤᠷᠤᠯᠴᠠᠬᠤ ᠵᠡᠷᠭᠡ ᠠᠭᠤᠯᠭ᠎ᠠ ᠪᠠᠷ ᠳᠠᠮᠵᠢᠭᠤᠯᠤᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠵᠤ ᠠᠶᠤᠯ ᠠᠴᠠ ᠵᠠᠶᠢᠯᠠᠬᠤ ᠴᠢᠳᠠᠪᠤᠷᠢ ᠪᠠᠨ ᠳᠡᠭᠡᠭᠰᠢᠯᠡᠭᠦᠯᠪᠡ᠃      ᠵᠢᠷᠤᠭ ᠪᠣᠯ ᠰᠤᠷᠤᠭᠴᠢᠳ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠣᠷᠳᠣᠨ ᠳᠤ ᠵᠠᠭᠪᠤᠷ ᠢᠶᠠᠷ ᠳᠡᠯᠡᠬᠡᠢ ᠶᠢᠨ ᠪᠥᠮᠪᠥᠷᠴᠡᠭ ᠤᠨ ᠳᠣᠲᠣᠭᠠᠳᠤ ᠪᠦᠲᠦᠴᠡ ᠶᠢ ᠣᠶᠢᠯᠠᠭᠠᠵᠤ ᠪᠠᠶᠢᠭ᠎ᠠ ᠨᠢ᠃ ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ