ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠭᠤᠴᠢᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2023/5/15
      ︵ᠰᠤᠷᠪᠤᠯᠵᠢᠯᠠᠭᠴᠢ ᠮᠢᠶᠣᠣ ᠰᠢᠨ︶ ᠡᠨᠡ ᠵᠢᠯ ᠤᠨ 5 ᠳ᠋ᠤᠭᠠᠷ ᠰᠠᠷ᠎ᠠ ᠶᠢᠨ 21 ᠤ ᠡᠳᠦᠷ ᠪᠣᠯ ᠭᠤᠴᠢᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠪᠣᠯᠣᠨ᠎ᠠ᠂ ᠠᠵᠢᠯᠯᠠᠭ᠎ᠠ ᠨᠢ ︽ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠶ᠎ᠠ︾ ᠭᠡᠳᠡᠭ ᠢᠶᠠᠷ ᠭᠤᠣᠯ ᠰᠡᠳᠦᠪ ᠪᠣᠯᠭᠠᠨ᠎ᠠ᠃ ᠲᠦᠷᠦᠭᠦᠬᠡᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠭᠤᠣᠯ ᠰᠡᠳᠦᠪ ᠤᠨ ᠲᠣᠭᠤᠷᠢᠨ ᠳᠤ ᠨᠠᠷᠢᠨ ᠬᠢᠨᠠᠮᠠᠭᠠᠢ ᠠᠷᠭ᠎ᠠ ᠰᠦᠪᠡᠭᠴᠢᠯᠡᠵᠦ᠂ ᠵᠡᠮᠳᠡᠭᠴᠦᠳ ᠢ ᠲᠤᠰᠠᠯᠠᠬᠤ ᠡᠳᠦᠷ ᠤᠨ ᠡᠯᠪᠡᠭ ᠪᠠᠶᠠᠯᠢᠭ ᠠᠭᠤᠯᠭ᠎ᠠ ᠲᠠᠢ ᠣᠯᠠᠨ ᠶᠠᠩᠵᠤ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃      ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠲᠤ ᠰᠤᠷᠭᠠᠨ ᠬᠥᠮᠥᠵᠢᠯ ᠢ ᠭᠡᠷ ᠲᠤᠨᠢ ᠬᠦᠷᠭᠡᠵᠦ ᠪᠠᠶᠢᠭ᠎ᠠ ᠪᠠᠶᠢᠳᠠᠯ ᠢ ᠭᠡᠷ ᠲᠤ ᠨᠢ ᠬᠦᠷᠴᠦ ᠣᠶᠢᠯᠠᠭᠠᠨ᠂ ᠭᠠᠳᠠᠭᠰᠢ ᠭᠠᠷᠬᠤ ᠶᠢᠨ ᠠᠷᠭ᠎ᠠ ᠦᠭᠡᠢ ᠮᠥᠷᠲᠡᠭᠡᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠦᠰᠡᠯ ᠲᠠᠢ 12 ᠰᠤᠷᠬᠤ ᠨᠠᠰᠤᠨ ᠤ ᠵᠡᠮᠳᠡᠭ ᠬᠡᠦᠬᠡᠳ ᠲᠤ ᠰᠤᠷᠭᠠᠨ ᠬᠥᠮᠥᠵᠢᠯ ᠢ ᠨᠢᠭᠡ ᠳᠤ ᠨᠢᠭᠡ ᠭᠡᠷ ᠲᠤᠨᠢ ᠬᠦᠷᠭᠡᠬᠦ ᠦᠢᠯᠡᠴᠢᠯᠡᠭᠡᠨ ᠤ ᠠᠵᠢᠯ ᠢ ᠡᠬᠢᠯᠡᠭᠦᠯᠪᠡ᠃       ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠬᠠᠷᠠᠭ᠎ᠠ ᠮᠠᠭᠤ ᠵᠡᠮᠳᠡᠭᠴᠦᠳ ᠲᠤ ᠣᠶᠤᠨᠲᠤ ᠳᠠᠭᠤᠨ ᠤ ᠬᠠᠶᠢᠷᠴᠠᠭ ᠲᠦᠭᠡᠭᠡᠪᠡ ᠃ ᠵᠡᠮᠳᠡᠭᠴᠦᠳ ᠣᠶᠣᠨᠲᠣ ᠳᠠᠭᠤᠨ ᠤ ᠬᠠᠶᠢᠷᠴᠠᠭ ᠤᠨ ᠠᠪᠢᠶ᠎ᠠ ᠪᠠᠷ ᠡᠯ᠎ᠡ ᠲᠥᠷᠥᠯ ᠤᠨ ᠠᠮᠢᠳᠤᠷᠠᠯ ᠤᠨ ᠰᠤᠷᠠᠭ ᠵᠠᠩᠭᠢ ᠪᠠ ᠰᠦᠯᠵᠢᠶᠡᠨ ᠤ ᠰᠤᠷᠠᠭ ᠵᠠᠩᠭᠢ ᠶᠢ  ᠣᠶᠢᠯᠠᠭᠠᠵᠤ᠂ ᠡᠯᠪᠡᠭ ᠪᠠᠶᠠᠯᠢᠭ ᠰᠣᠶᠣᠯ ᠤᠨ ᠮᠡᠳᠡᠯᠭᠡ ᠣᠯᠵᠤ ᠪᠣᠯᠬᠤ ᠮᠥᠷᠲᠡᠭᠡᠨ ᠣᠶᠣᠨᠲᠣ ᠳᠠᠭᠤᠨ ᠤ ᠬᠠᠶᠢᠷᠴᠠᠭ ᠢᠶᠠᠷ ᠣᠶᠣᠨᠲᠣ ᠭᠡᠷ ᠤᠨ ᠴᠠᠬᠢᠯᠭᠠᠨ ᠬᠡᠷᠡᠭᠰᠡᠯ ᠢ ᠡᠵᠡᠮᠳᠡᠵᠦ᠂ ᠨᠠᠩ ᠲᠥᠬᠦᠮ ᠠᠮᠢᠳᠤᠷᠠᠯ ᠢ ᠡᠳ᠋ᠯᠡᠵᠦ ᠪᠣᠯᠣᠨ᠎ᠠ᠃      ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠰᠢᠶᠠᠨ ᠤ ᠪᠠᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠠᠢ ᠬᠠᠮᠲᠤᠷᠠᠵᠤ ᠴᠧᠩ ᠭᠤᠸᠠᠨ ᠵᠧᠨ ᠪᠠᠯᠭᠠᠰᠤᠨ ᠳᠤ ᠶᠠᠳᠠᠭᠤ ᠬᠦᠴᠢᠷᠳᠡᠯᠲᠡᠢ ᠵᠡᠮᠳᠡᠭᠴᠦᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠤ ᠠᠮᠢᠳᠤᠷᠠᠯ ᠤᠨ ᠬᠦᠴᠢᠷᠳᠡᠯ ᠢ ᠣᠶᠢᠯᠠᠭᠠᠵᠤ᠂ ᠲᠡᠳᠡᠨ ᠢ ᠨᠡᠩ ᠪᠠᠶᠠᠰᠤᠩᠭᠤᠢ ᠪᠠᠷ ᠠᠮᠢᠳᠤᠷᠠᠯ ᠳᠤ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠲᠡᠳᠡᠨ ᠳᠤ ᠠᠮᠤ ᠪᠤᠳᠠᠭ᠎ᠠ᠂ ᠭᠤᠯᠢᠷ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ