ᠪᠦᠬᠦ ᠬᠤᠲᠠ ᠶᠢᠨ ᠳᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/15
      ︵ᠰᠤᠷᠪᠤᠯᠵᠢᠯᠠᠭᠴᠢ ᠯᠢᠦ ᠱᠠ ᠱᠠ︶ 5 ᠳ᠋ᠤᠭᠠᠷ ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ ᠳᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠵᠤ᠂ 2022 ᠣᠨ ᠤ ᠳᠠᠩᠰᠠ ᠡᠪᠬᠡᠮᠡᠯ ᠤᠨ ᠠᠵᠢᠯ ᠢ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠬᠤᠯᠪᠣᠭᠳᠠᠯ ᠪᠦᠬᠦᠢ ᠪᠠᠶᠢᠭᠤᠯᠤᠯᠭ᠎ᠠ ᠲᠤᠷᠰᠢᠯᠭ᠎ᠠ ᠪᠠᠨ ᠰᠣᠯᠢᠯᠴᠠᠪᠠ᠃      ᠬᠤᠷᠠᠯ ᠠᠴᠠ᠂ 2022 ᠣᠨ ᠳᠤ ᠪᠦᠬᠦ ᠬᠤᠳᠠ ᠶᠢᠨ ᠲᠠᠩᠰᠠ ᠡᠪᠬᠡᠮᠡᠯ ᠤᠨ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠰᠠᠶᠢᠨ︾᠂ ︽ᠬᠤᠶᠠᠷ ᠦᠢᠯᠡᠴᠢᠯᠡᠭᠡ︾ ᠶᠢᠨ ᠬᠠᠷᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠪᠦᠬᠦ ᠬᠤᠳᠠ ᠶᠢᠨ ᠲᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠳᠠᠩᠰᠠ ᠡᠪᠬᠡᠮᠡᠯ ᠤᠨ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠩᠰᠠ ᠡᠪᠬᠡᠮᠡᠯ ᠤᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠬᠠᠤᠯᠢ ᠶᠣᠰᠣᠭᠠᠷ ᠲᠠᠩᠰᠠ ᠡᠪᠬᠡᠮᠡᠯ ᠢ ᠬᠠᠮᠢᠶᠠᠷᠴᠤ ᠲᠠᠩᠰᠠ ᠡᠪᠬᠡᠮᠡᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠠᠩᠰᠠ ᠡᠪᠬᠡᠮᠡᠯ ᠤᠨ ᠠᠶᠤᠯᠭᠦᠢ ᠶᠢ ᠰᠠᠶᠢᠲᠤᠷ ᠠᠳᠬᠤᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠳᠠᠯ ᠢ ᠨᠥᠬᠦᠪᠦᠷᠢᠯᠡᠵᠦ᠂ ᠲᠠᠩᠰᠠ ᠡᠪᠬᠡᠮᠡᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠩᠰᠠ ᠡᠪᠬᠡᠮᠡᠯ ᠤᠨ ᠠᠵᠢᠯ ᠤᠨ ᠲᠡᠦᠬᠡ ᠶᠢ ᠬᠠᠳᠠᠭᠠᠯᠠᠵᠤ ᠵᠠᠰᠠᠭ ᠲᠤ ᠲᠤᠰᠠᠯᠠᠵᠤ ᠬᠥᠮᠥᠨ ᠢ ᠬᠥᠮᠥᠵᠢᠭᠦᠯᠬᠦ ᠴᠢᠬᠤᠯᠠ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ