ᠾᠧ ᠬᠠᠢ ᠳ᠋ᠦᠩ ᠱᠠᠨᠳᠦ᠋ᠩ ᠤᠨ ᠴᠤᠸᠠᠩ ᠰᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/5/15
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 13  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠪᠦᠯᠬᠦᠮ ᠳᠠᠭᠠᠭᠤᠯᠤᠨ ᠱᠠᠨᠳᠦ᠋ᠩ ᠤᠨ ᠵᠢᠨᠢᠩ ᠳᠤ ᠬᠦᠷᠴᠦ ᠱᠠᠨᠳᠦ᠋ᠩ ᠤᠨ ᠴᠤᠸᠠᠩ ᠰᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠰᠤᠷᠪᠤᠯᠵᠢᠯᠠᠵᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠳ᠋ᠧ ᠰᠢᠶᠠᠩ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠰᠢᠩᠭᠡᠨ ᠴᠢᠯᠠᠭᠤᠨ ᠲᠤᠰᠤᠨ ᠤ ᠬᠡᠢ᠂ ᠰᠢᠩᠭᠡᠨ ᠪᠠᠶᠢᠭᠠᠯᠢ ᠶᠢᠨ ᠰᠢᠲᠠᠮᠠᠬᠠᠢ ᠬᠡᠢ ᠶᠢ ᠭᠠᠳᠠᠭᠠᠳᠤ ᠠᠴᠠ ᠣᠷᠣᠭᠤᠯᠬᠤ᠂ ᠪᠠᠯ ᠴᠢᠯᠠᠭᠤᠨ ᠠᠯᠺᠧᠨ ᠢ ᠠᠵᠤ ᠦᠢᠯᠡᠰᠵᠢᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃      ᠾᠧ ᠬᠠᠢ ᠳ᠋ᠦᠩ ᠰᠠᠭᠤᠳᠠᠯ ᠤᠨ ᠬᠤᠷᠠᠯ ᠳᠡᠭᠡᠷ᠎ᠡ᠂ ᠬᠥᠬᠡᠬᠤᠲᠠ ᠪᠣᠯ ᠬᠥᠬᠡᠬᠤᠲᠠ ᠪᠤᠭᠤᠲᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠲᠣᠭᠤᠷᠢᠭ ᠲᠤ ᠤᠷᠢᠳᠠᠪᠠᠷ ᠬᠥᠭᠵᠢᠭᠦᠯᠬᠦ ᠬᠤᠳᠠ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠳᠠ ᠶᠢᠨ ᠰᠦᠷᠦᠭᠵᠢᠯ ᠤᠨ ᠣᠷᠣᠨ ᠪᠦᠰᠡ ᠶᠢᠨ ᠴᠢᠨᠠᠷᠲᠠᠢ ᠲᠥᠪ ᠬᠤᠳᠠ ᠪᠣᠯᠣᠨ᠎ᠠ᠂ ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠢ᠂ ᠵᠠᠮ ᠬᠠᠷᠢᠯᠴᠠᠭ᠎ᠠ ᠲᠦᠭᠦᠮ ᠪᠠᠶᠢᠵᠤ᠂ ᠣᠳᠣᠬᠠᠨ ᠳᠤ ᠶᠡᠷᠦᠩᠬᠡᠢ ᠬᠡᠯᠲᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ ᠪᠤᠢ᠂ ᠴᠤᠸᠠᠩ ᠰᠢᠶᠠᠩ ᠪᠦᠯᠦᠭᠯᠡᠯ ᠤᠨ ᠬᠥᠬᠡᠬᠤᠲᠠ ᠳᠤ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠶᠠᠭ ᠴᠠᠭ ᠲᠠᠭᠠᠨ ᠲᠣᠬᠢᠷᠠᠵᠠᠢ᠃ ᠴᠤᠸᠠᠩ ᠰᠢᠶᠠᠩ ᠪᠦᠯᠦᠭᠯᠡᠯ ᠤᠨ ᠬᠢᠨ ᠰᠢᠩᠭᠡᠨ ᠴᠢᠯᠠᠭᠤᠨ ᠲᠤᠰᠤᠨ ᠤ ᠬᠡᠢ᠂ ᠰᠢᠩᠭᠡᠨ ᠪᠠᠶᠢᠭᠠᠯᠢ ᠶᠢᠨ ᠰᠢᠲᠠᠮᠠᠬᠠᠢ ᠬᠡᠢ ᠶᠢ ᠭᠠᠳᠠᠭᠠᠳᠤ ᠠᠴᠠ ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢᠨ ᠬᠠᠮᠲᠤ᠂ ᠪᠠᠯ ᠴᠢᠯᠠᠭᠤᠨ ᠠᠯᠺᠧᠨ ᠤ ᠠᠵᠤ ᠦᠢᠯᠡᠰ ᠤᠨ ᠲᠣᠭᠤᠷᠢᠨ ᠳᠤ ᠲᠦᠷᠦᠯ ᠵᠦᠢᠯ ᠢ ᠲᠥᠯᠥᠪᠵᠢᠭᠦᠯᠵᠦ᠂ ᠵᠡᠷᠭᠡᠪᠡᠷ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃      ᠯᠢᠦ ᠳ᠋ᠧ ᠰᠢᠶᠠᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠪᠡᠯᠡ ᠣᠷᠤᠭᠤᠯᠤᠯᠲᠠ ᠶᠢᠨ ᠣᠷᠴᠢᠨ ᠨᠥᠬᠦᠴᠡᠯ ᠰᠠᠶᠢᠨ᠂ ᠶᠡᠷᠦᠩᠬᠡᠶᠢᠯᠡᠭᠰᠡᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠺᠣᠮᠫᠠᠨᠢ ᠠᠴᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ