ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠤᠮᠠᠷᠠᠲᠤ ᠶᠢᠨ ᠲᠣᠭᠤᠷᠢᠭ ᠤᠨ ᠪᠡᠯᠡᠳᠬᠡᠯ ᠤᠷᠤᠯᠳᠤᠭᠠᠨ ᠬᠥᠬᠡᠬᠤᠲᠠ ᠶᠢᠨ ᠤᠷᠤᠯᠳᠤᠭᠠᠨ ᠤ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2023/5/15
ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠪᠠᠭ ᠲᠣᠮᠢᠯᠠᠨ ᠤᠷᠤᠯᠳᠤᠭᠠᠨ ᠳᠤ ᠣᠷᠣᠯᠴᠠᠪᠠ      ︵ᠰᠤᠷᠪᠤᠯᠵᠢᠯᠠᠭᠴᠢ ᠮᠢᠶᠣᠣ ᠰᠢᠨ︶ 5 ᠳ᠋ᠤᠭᠠᠷ ᠰᠠᠷ᠎ᠠ ᠶᠢᠨ 13 ᠤ ᠡᠳᠦᠷ᠂ 2023 ᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ︵ᠡᠷᠡᠭᠲᠡᠢ ᠶᠢᠨ U17︶ ᠤ ᠤᠮᠠᠷᠠᠲᠤ ᠶᠢᠨ ᠲᠣᠭᠤᠷᠢᠭ ᠤᠨ ᠪᠡᠯᠡᠳᠬᠡᠯ ᠤᠷᠤᠯᠳᠤᠭᠠᠨ ᠤ ᠬᠥᠬᠡᠬᠤᠲᠠ ᠶᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ᠂ ᠲᠤᠰ ᠤᠳᠠᠭ᠎ᠠ ᠶᠢᠨ ᠤᠷᠤᠯᠳᠤᠭᠠᠨ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠪᠣᠯᠣᠨ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠳᠤ ᠲᠤᠰ ᠲᠤᠰ ᠶᠠᠪᠤᠭᠳᠠᠨ᠎ᠠ᠃      ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ 2022 ᠣᠨ ᠠᠴᠠ ᠡᠬᠢᠯᠡᠵᠡᠢ᠃ ᠰᠤᠷᠭᠠᠨ ᠬᠥᠮᠦᠵᠢᠯ ᠤᠨ ᠶᠠᠮᠤᠨ ᠪᠣᠯᠣᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠵᠢᠯᠣᠭᠤᠳᠤᠯᠭ᠎ᠠ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠮᠠᠨ ᠤ ᠤᠯᠤᠰ ᠤᠨ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂ ᠣᠷᠣᠯᠴᠠᠭᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ᠂ ᠤᠷᠤᠯᠳᠤᠭᠠᠨ ᠤ ᠬᠢᠷᠢ ᠲᠦᠪᠰᠢᠨ ᠢᠶᠠᠷ ᠬᠠᠮᠤᠭ ᠤᠨ ᠥᠨᠳᠥᠷ᠂ ᠨᠡᠶᠢᠭᠡᠮ ᠤᠨ ᠨᠥᠯᠥᠭᠡᠯᠡᠬᠦ ᠬᠦᠴᠦᠨ ᠢᠶᠠᠷ ᠬᠠᠮᠤᠭ ᠤᠨ ᠶᠡᠭᠡ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠲᠡᠷᠢᠭᠦᠨ ᠲᠠᠰ ᠤᠨ ᠤᠷᠤᠯᠳᠤᠭᠠᠨ ᠪᠣᠯᠣᠨ᠎ᠠ᠂  ᠢᠯᠡᠷᠡᠭᠦᠯᠵᠦ ᠰᠢᠯᠢᠨ ᠰᠣᠩᠭᠤᠭᠰᠠᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠰᠢᠯᠢᠳᠡᠭ ᠴᠢᠳᠠᠪᠤᠷᠢᠲᠠᠨ ᠳᠤ ᠳᠡᠭᠡᠭᠰᠢᠯᠡᠭᠦᠯᠬᠦ ᠴᠢᠨᠠᠷᠲᠠᠢ ᠪᠣᠯᠪᠠᠰᠤᠷᠠᠯ ᠬᠦᠷᠲᠡᠭᠡᠵᠦ᠂ ᠡᠯ᠎ᠡ ᠨᠠᠰᠤᠨ ᠤ ᠱᠠᠲᠤᠨ ᠤ ᠤᠯᠤᠰ ᠤᠨ ᠠᠩᠭᠢ ᠳᠤ ᠴᠢᠳᠠᠪᠤᠷᠢᠲᠠᠨ ᠬᠦᠷᠭᠡᠬᠦ ᠪᠠᠷ ᠵᠣᠷᠢᠯᠭ᠎ᠠ ᠪᠣᠯᠭᠠᠵᠠᠢ᠃ ᠡᠨᠡ ᠵᠢᠯ ᠤᠨ ᠬᠤᠯᠪᠣᠭᠠᠲᠤ ᠤᠷᠤᠯᠳᠤᠭᠠᠨ ᠳᠤ ᠡᠮᠦᠨᠡᠲᠦ ᠶᠢᠨ ᠲᠣᠭᠤᠷᠢᠭ᠂ ᠳᠤᠮᠳᠠ ᠲᠣᠭᠤᠷᠢᠭ᠂ ᠤᠮᠠᠷᠠᠲᠤ ᠶᠢᠨ ᠲᠣᠭᠤᠷᠢᠭ ᠭᠡᠵᠦ 3 ᠶᠡᠭᠡ ᠲᠣᠭᠤᠷᠢᠭ ᠤᠨ ᠤᠷᠤᠯᠳᠤᠭᠠᠨ ᠢ ᠲᠣᠬᠢᠷᠠᠭᠤᠯᠵᠤ᠂ ᠣᠯᠠᠨ ᠨᠠᠰᠤᠨ ᠤ ᠳᠤᠭᠤᠶᠢᠯᠠᠩ ᠬᠤᠪᠢᠶᠠᠵᠤ ᠮᠥᠷᠥᠶᠢᠴᠡᠨ᠎ᠡ᠃      ᠲᠤᠰ ᠤᠳᠠᠭ᠎ᠠ ᠶᠢᠨ ᠤᠷᠤᠯᠳᠤᠭᠠᠨ ᠨᠢ 6 ᠡᠳᠦᠷ ᠶᠠᠪᠤᠭᠳᠠᠵᠤ᠂ ᠥᠪᠥᠷ ᠮᠣᠩᠭᠤᠯ᠂ ᠲᠢᠶᠠᠨᠵᠢᠨ᠂ ᠱᠠᠨᠳᠦ᠋ᠩ᠂ ᠠᠨᠾᠦ᠋ᠢ ᠵᠡᠷᠭᠡ ᠭᠠᠵᠠᠷ ᠤᠨ 14 ᠰᠤᠷᠭᠠᠭᠤᠯᠢ᠂ ᠺᠯᠦ᠋ᠪ ᠤᠨ ᠲᠥᠯᠥᠭᠡᠯᠡᠭᠴᠢ ᠶᠢᠨ ᠪᠠᠭ ᠤᠨ 380 ᠭᠠᠷᠤᠢ ᠬᠥᠯ ᠪᠥᠮᠪᠦᠭᠡ ᠶᠢᠨ ᠪᠠᠭᠠᠴᠤᠳ ᠥᠷᠢᠰᠦᠯᠳᠦᠨ᠎ᠡ᠃ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠠᠷᠤ ᠬᠤᠷᠴᠢᠨ ᠬᠤᠰᠢᠭᠤᠨ ᠤ ᠱᠤᠸᠠᠩ ᠰᠢᠩ ᠬᠥᠯ ᠪᠥᠮᠪᠦᠭᠡ ᠶᠢᠨ ᠺᠯᠦ᠋ᠪ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠪᠠ ᠰᠢᠯᠢ ᠶᠢᠨ ᠭᠤᠣᠯ ᠠᠶᠢᠮᠠᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠲᠣᠰ ᠲᠣᠰ ᠪᠠᠭ ᠲᠣᠮᠢᠯᠠᠨ ᠤᠷᠤᠯᠳᠤᠭᠠᠨ ᠳᠤ ᠣᠷᠣᠯᠴᠠᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ