ᠰᠢᠶᠠᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠪᠠᠶᠢᠴᠠᠭᠠᠵᠤ ᠬᠢᠨᠠᠨ ᠵᠢᠯᠣᠭᠤᠳᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/5/16
      ᠡᠮ ᠤᠨ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠲᠤ ᠬᠤᠯᠪᠣᠭᠳᠠᠬᠤ ᠡᠮ ᠤᠨ ᠵᠦᠢᠯ ᠪᠠ ᠡᠮᠴᠢᠯᠡᠭᠡᠨ ᠤ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠪᠠᠲᠤᠯᠠᠬᠤ ᠲᠤᠰᠬᠠᠶ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠦᠨᠳᠦ ᠶᠡᠭᠡ ᠡᠮ ᠤᠨ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠵᠦ᠂ ᠬᠠᠷᠢᠶᠠᠲᠤ ᠣᠷᠣᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ 5 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠶ ᠪᠠᠶᠢᠴᠠᠭᠠᠯᠲᠠ ᠪᠠ ᠬᠢᠨᠠᠨ ᠵᠢᠯᠣᠭᠤᠳᠣᠯᠭ᠎ᠠ ᠶᠠᠪᠤᠭᠤᠯᠵᠠᠶ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠴᠧᠩ ᠭᠤᠸᠠᠨ ᠪᠠᠯᠭᠠᠰᠤ᠂ ᠶᠠᠩ ᠴᠢᠶᠦ᠋ᠨ ᠭᠸᠦ ᠰᠢᠶᠠᠩ ᠳᠤ ᠭᠦᠨᠵᠡᠭᠡᠶᠢᠷᠡᠵᠦ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠠ ᠡᠮᠴᠢᠯᠡᠭᠡᠨ ᠤ ᠪᠠᠶᠢᠭᠤᠯᠤᠮᠵᠢ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠡᠮ ᠤᠨ ᠵᠦᠢᠯ ᠤᠨ ᠪᠠᠷᠠᠭ᠎ᠠ ᠣᠷᠣᠭᠤᠯᠬᠤ ᠠᠷᠭ᠎ᠠ ᠵᠠᠮ ᠨᠢ ᠬᠠᠤᠯᠢ ᠳᠤ ᠨᠡᠶᠢᠴᠡᠬᠦ ᠡᠰᠡᠬᠦ᠂ ᠡᠮ ᠤᠨ ᠵᠦᠢᠯ ᠢ ᠬᠤᠳᠠᠯᠳᠤᠨ ᠠᠪᠴᠤ ᠰᠢᠯᠭᠠᠨ ᠠᠪᠬᠤ ᠬᠠᠮᠢᠶ᠎ᠠ ᠪᠥᠬᠦᠶ ᠲᠡᠮᠳᠡᠭᠯᠡᠯ ᠪᠠᠶᠢᠭᠤᠯᠤᠭᠰᠠᠨ ᠡᠰᠡᠬᠦ᠂ ᠵᠣᠷ ᠤᠨ ᠡᠮ ᠤᠨ ᠪᠣᠷᠣᠯᠠᠭᠤᠯᠤᠯᠲᠠ ᠨᠢ ᠵᠢᠷᠤᠮᠵᠢᠭᠤᠨ ᠪᠠᠶᠢᠬᠤ ᠡᠰᠡᠬᠦ᠂ ᠬᠦᠢᠲᠡᠨ ᠢᠶᠠᠷ ᠬᠠᠳᠠᠭᠠᠯᠠᠬᠤ ᠡᠮ ᠤᠨ ᠵᠦᠢᠯ ᠢ ᠡᠵᠡᠩᠨᠡᠬᠦ ᠳᠤ ᠬᠥᠯᠳᠡᠭᠡᠵᠦ ᠬᠠᠳᠠᠭᠠᠯᠠᠬᠤ ᠠᠪᠳᠠᠷ᠎ᠠ ᠳᠣᠭᠢᠷᠠᠭᠤᠯᠤᠭᠰᠠᠨ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠯᠲᠠ ᠬᠢᠭᠰᠡᠨ ᠪᠥᠭᠡᠳ ᠡᠵᠡᠩᠨᠡᠯᠲᠡ ᠶᠢᠨ ᠦᠨᠡᠮᠯᠡᠯ ᠭᠦᠢᠴᠡᠳᠬᠡᠬᠦ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠵᠡᠷᠭᠡ ᠳᠤ᠂ ᠪᠠᠶᠢᠴᠠᠭᠠᠬᠤ ᠠᠵᠢᠯᠲᠠᠳ ᠤᠬᠠᠭᠤᠯᠭ᠎ᠠ ᠬᠥᠮᠦᠵᠢᠯ ᠪᠣᠯᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠡᠵᠡᠩᠨᠡᠭᠴᠢᠳ ᠲᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠬᠠᠷᠢᠭᠤᠴᠠᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠤᠬᠠᠮᠰᠠᠷ ᠢ ᠪᠠᠲᠤ ᠪᠣᠶ ᠪᠣᠯᠭᠠᠵᠤ᠂ ᠡᠵᠡᠩᠨᠡᠯᠲᠡ ᠶᠢᠨ ᠬᠠᠷᠢᠭᠤᠴᠠᠯᠭᠠᠲᠤ ᠤᠬᠠᠮᠰᠠᠷ ᠢ ᠵᠢᠷᠤᠮᠵᠢᠭᠤᠯᠤᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃      ᠲᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠵᠢᠭ ᠲᠤ ᠬᠤᠯᠪᠣᠭᠳᠠᠭᠰᠠᠨ ᠡᠮ ᠤᠨ ᠵᠦᠢᠯ ᠪᠠ ᠡᠮᠴᠢᠯᠡᠭᠡᠨ ᠤ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ ᠴᠢᠨᠠᠷ ᠢ ᠪᠠᠲᠤᠯᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠤᠨ᠂ ᠡᠮ ᠤᠨ ᠵᠦᠢᠯ ᠤᠨ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ