ᠬᠤᠷᠢᠨᠭᠡᠷ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/16
      ᠶᠡᠷᠦᠩᠬᠡᠶ ᠱᠦᠵᠢ ᠰᠢ ᠶᠢᠨ ᠫᠢᠩ ᠤᠨ ᠤᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠂ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ᠂ ᠢᠳᠡᠪᠬᠢᠲᠡᠶ ᠪᠠᠷ ᠤᠰᠠᠳᠬᠠᠬᠤ︾ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠭᠯᠡᠯᠲᠡ ᠶᠢ ᠴᠢᠩᠭ᠎ᠠ ᠬᠡᠷᠡᠭᠵᠢᠭᠦᠯᠵᠦ᠂ ︽ᠤᠢ ᠰᠢᠭᠤᠶ ᠶᠢᠨ ᠭᠠᠯ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ 5 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ︽ᠪᠥᠬᠦ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠢᠶᠠᠷ ᠲᠣᠬᠢᠶᠠᠯ ᠪᠣᠯᠭᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢ ᠵᠣᠬᠢᠶᠠᠨ ᠪᠠᠶᠢᠭᠤᠯᠵᠤ ᠬᠤᠷᠢᠨᠭᠡᠷ ᠰᠢᠶᠠᠨ ᠤ ᠠᠭᠤᠳᠠᠮ ᠲᠠᠯᠠᠪᠠᠶ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠬᠤ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ᠂ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠭᠠᠯ ᠬᠡᠷᠡᠭᠯᠡᠭᠦᠯᠬᠦ ᠬᠡᠷᠡᠭᠲᠡᠶ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠥᠷᠭᠡᠨ ᠣᠯᠠᠨ ᠲᠦᠮᠡᠨ ᠢ ᠤᠷᠢᠶᠠᠯᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠲᠣᠭᠲᠠᠭᠠᠯ ᠢ ᠵᠢᠷᠤᠮᠯᠠᠭᠤᠯᠵᠤ᠂ ᠣᠶ ᠰᠢᠭᠤᠶ ᠶᠢᠨ ᠭᠠᠯ ᠤᠨ ᠠᠶᠤᠯ ᠤᠨ ᠳᠠᠯᠳᠠ ᠬᠡᠮ ᠢ ᠤᠷᠢᠳᠴᠢᠯᠠᠨ ᠰᠡᠷᠭᠡᠶᠢᠯᠡᠵᠦ᠂ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠢᠳᠡᠪᠬᠢᠲᠡᠶ ᠣᠷᠣᠯᠴᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ