︵ᠰᠤᠷᠪᠤᠯᠵᠢᠯᠠᠭᠴᠢ ᠴᠢ ᠰᠢᠶᠣᠣ ᠶᠠᠨ︶ ᠡᠮ ᠲᠠᠩ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠥᠬᠦ ᠬᠤᠲᠠ ᠶᠢᠨ ᠠᠷᠠᠳ ᠲᠦᠮᠡᠨ ᠤ ᠡᠮ | ᠬᠡᠷᠡᠭᠯᠡᠬᠦ ᠠᠶᠤᠯᠭᠦᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ︵ | ᠲᠣᠭᠤᠷᠢᠭ︶᠂ ᠰᠢᠶᠠᠩ ︵ᠪᠠᠯᠭᠠᠰᠤ︶ ᠤᠨ ᠱᠠᠲᠤᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠬᠡᠷᠡᠭᠯᠡᠯᠲᠡ ᠳᠤ ᠲᠤᠰᠬᠠᠢ ᠰᠢᠮᠳᠠᠭᠤᠯᠤᠨ | ᠪᠠᠶᠢᠴᠠᠭᠠᠯᠲᠠ ᠥᠷᠨᠢᠭᠦᠯᠪᠡ᠃ | ᠰᠢᠮᠳᠠᠭᠤᠯᠤᠨ ᠪᠠᠶᠢᠴᠠᠭᠠᠬᠤ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠠᠷᠴᠢᠮ ᠢ ᠪᠠᠷᠢᠮᠲᠠᠯᠠᠵᠤ᠂ ᠦᠨᠳᠦᠰᠦᠨ | ᠱᠠᠲᠤᠨ ᠳᠤ ᠰᠢᠭᠤᠳ ᠬᠦᠷᠴᠦ᠂ ᠲᠤᠬᠠᠢ ᠶᠢᠨ ᠲᠠᠯᠠᠪᠤᠷ ᠲᠤ ᠰᠢᠭᠤᠳ ᠣᠷᠣᠬᠤ ᠠᠷᠭ᠎ᠠ ᠮᠠᠶ᠋ᠢᠭ ᠢ ᠠᠪᠴᠤ᠂ ᠰᠢᠶᠠᠩ ᠪᠠᠯᠭᠠᠰᠤ ᠵᠢᠴᠢ ᠬᠤᠲᠠ ᠬᠥᠳᠡᠭᠡ ᠶᠢᠨ ᠠᠭᠤᠯᠵᠠᠷ ᠭᠠᠵᠠᠷ | ᠵᠡᠷᠭᠡ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠣᠷᠣᠭᠤᠯᠬᠤ ᠳᠠᠭᠠᠨ ᠰᠢᠯᠭᠠᠨ ᠠᠪᠬᠤ᠂ ᠬᠠᠳᠠᠭᠠᠯᠠᠵᠤ | ᠠᠷᠠᠴᠢᠯᠠᠨ ᠬᠠᠮᠠᠭᠠᠯᠠᠬᠤ᠂ ᠲᠣᠬᠢᠷᠠᠭᠤᠯᠤᠨ ᠬᠡᠷᠡᠭᠯᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠬᠤ ᠳᠤᠮᠳᠠ ᠣᠯᠵᠤ ᠮᠡᠳᠡᠭᠰᠡᠨ | ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠭᠰᠡᠳ ᠤᠨ ᠬᠠᠮᠢᠶᠠᠷᠤᠯᠲᠠ ᠨᠢ ᠪᠣᠳᠠᠲᠠᠶᠢᠵᠢᠭᠰᠠᠨ ᠦᠭᠡᠢ᠂ ᠡᠮ ᠤᠨ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠨᠢ ᠵᠢᠷᠤᠮᠵᠢᠯ | ᠦᠭᠡᠢ ᠵᠡᠷᠭᠡ ᠬᠠᠮᠢᠶᠠᠷᠤᠯᠲᠠ ᠶᠢᠨ ᠲᠦᠭᠰᠢᠭᠦᠷᠢ ᠪᠠ ᠠᠰᠠᠭᠤᠳᠠᠯ ᠢ ᠳᠠᠷᠤᠶᠢᠬᠠᠨ ᠵᠠᠯᠠᠷᠠᠭᠤᠯᠬᠤ ᠶᠢ ᠱᠠᠭᠠᠷᠳᠠᠬᠤ ᠶᠢᠨ ᠬᠠᠮᠲᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠵᠦ ᠬᠢᠨᠠᠯᠲᠠ ᠲᠠᠯᠪᠢᠨ ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ | ᠵᠦᠢᠯ ᠢ ᠣᠷᠣᠭᠤᠯᠬᠤ ᠠᠷᠭ᠎ᠠ ᠵᠠᠮ ᠤᠨ ᠬᠠᠤᠯᠢ ᠶᠣᠰᠣᠨ ᠳᠤ ᠨᠡᠶᠢᠴᠡᠬᠦ᠂ ᠬᠠᠳᠠᠭᠠᠯᠠᠬᠤ ᠨᠥᠬᠦᠴᠡᠯ ᠨᠢ ᠲᠣᠭᠲᠠᠭᠠᠯ ᠳᠤ ᠨᠡᠶᠢᠴᠡᠬᠦ᠂ ᠫᠢᠶᠣᠣ ᠪᠠᠷᠢᠮᠲᠠ ᠶᠢᠨ ᠲᠡᠮᠳᠡᠭᠯᠡᠯ ᠨᠢ ᠪᠦᠷᠢᠨ | ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮ ᠤᠨ ᠵᠦᠢᠯ ᠢ ᠬᠡᠷᠡᠭᠯᠡᠬᠦ ᠵᠠᠩᠭᠢᠯᠠᠭ᠎ᠠ ᠶᠢᠨ ᠠᠶᠤᠯ | ᠲᠦᠭᠰᠢᠭᠦᠷᠢ ᠶᠢᠨ ᠳᠠᠯᠳᠠ ᠬᠡᠮ ᠢ ᠦᠷᠭᠦᠯᠵᠢᠯᠡᠨ ᠪᠠᠶᠢᠴᠠᠭᠠᠨ ᠠᠷᠢᠯᠭᠠᠵᠤ᠂ ᠬᠤᠳᠠᠯᠳᠤᠨ ᠠᠪᠬᠤ᠂ ᠰᠢᠯᠭᠠᠨ ᠠᠪᠬᠤ᠂ ᠬᠠᠳᠠᠭᠠᠯᠠᠬᠤ ᠵᠠᠩᠭᠢᠯᠠᠭ᠎ᠠ ᠶᠢᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |