ᠾᠧ ᠬᠠᠢ ᠳ᠋ᠦᠩ ᠸᠧᠢ ᠬᠠᠢ ᠬᠤᠲᠠ᠂ ᠶᠠᠨᠲ᠋ᠠᠢ ᠬᠤᠲᠠ ᠳᠤ ᠬᠦᠷᠴᠦ ᠠᠵᠤ ᠠᠬᠤᠶᠢᠯᠠᠯ ᠢ ᠰᠤᠷᠪᠤᠯᠵᠢᠯᠠᠨ ᠬᠠᠮᠲᠤᠷᠠᠯᠴᠠᠭᠠᠨ ᠤ ᠤᠴᠢᠷ ᠶᠠᠪᠤᠳᠠᠯ ᠢ ᠶᠠᠷᠢᠯᠴᠠᠵᠤ ᠭᠡᠷ᠎ᠡ ᠲᠣᠭᠲᠠᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2023/5/16
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠪᠦᠯᠬᠦᠮ ᠳᠠᠭᠠᠭᠤᠯᠤᠨ ᠸᠧᠢ ᠬᠠᠢ ᠬᠤᠲᠠ ᠳᠤ ᠬᠦᠷᠴᠦ ᠵᠢᠶᠠ ᠵᠢᠶᠠ ᠶᠤᠸᠠᠢ ᠪᠦᠯᠦᠭᠯᠡᠯ ᠢ ᠰᠤᠷᠪᠤᠯᠵᠢᠯᠠᠭᠰᠠᠨ ᠪᠥᠭᠡᠳ ᠭᠡᠷ᠎ᠡ ᠲᠣᠭᠲᠠᠬᠤ ᠶᠢ ᠭᠡᠷᠡᠴᠢᠯᠡᠵᠦ᠂ ᠶᠠᠨᠲ᠋ᠠᠢ ᠬᠤᠲᠠ ᠳᠤ ᠬᠦᠷᠴᠦ ᠵᠧᠨ ᠬᠤᠸᠠ ᠪᠦᠯᠦᠭᠯᠡᠯ ᠢ ᠰᠤᠷᠪᠤᠯᠵᠢᠯᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃      ᠸᠧᠢ ᠬᠠᠢ ᠬᠤᠲᠠ ᠶᠢᠨ ᠵᠢᠶᠠ ᠵᠢᠶᠠ ᠶᠤᠸᠠᠢ ᠪᠦᠯᠦᠭᠯᠡᠯ ᠳᠤ᠂ ᠾᠧ ᠬᠠᠢ ᠳ᠋ᠦᠩ ᠸᠧᠨ ᠳ᠋ᠧᠩ ᠰᠢᠨ᠎ᠡ ᠰᠣᠷᠭᠤᠭ ᠢᠳᠡᠭᠡᠨ ᠢ ᠲᠣᠬᠢᠷᠠᠭᠤᠯᠤᠨ ᠬᠦᠷᠭᠡᠬᠦ ᠲᠥᠪ᠂ ᠢᠳᠡᠭᠡᠨ ᠪᠣᠯᠪᠠᠰᠤᠷᠠᠭᠤᠯᠬᠤ ᠲᠥᠪ᠂ ᠴᠠᠩ ᠸᠧᠨ ᠪᠠᠷᠠᠭᠠᠨ ᠤ ᠭᠦᠢᠯᠭᠡᠭᠡᠨ ᠤ ᠲᠥᠪ᠂ ᠶᠦᠨ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠵᠢᠴᠢ ᠵᠢᠶᠠ ᠵᠢᠶᠠ ᠶᠤᠸᠠᠢ ᠨᠡᠶᠢᠭᠡᠮ ᠲᠣᠭᠤᠷᠢᠭ ᠤᠨ ᠬᠡᠳᠦ ᠳᠡᠯᠭᠡᠭᠦᠷ ᠢ ᠰᠢᠨᠵᠢᠯᠡᠨ ᠪᠠᠶᠢᠴᠠᠭᠠᠪᠠ᠃ ᠰᠤᠷᠪᠤᠯᠵᠢᠯᠠᠬᠤ ᠬᠤᠭᠤᠴᠠᠭᠠᠨ ᠳᠤ᠂ ᠬᠤᠲᠠ ᠶᠢᠨ ᠵᠠᠰᠠᠭ ᠤᠨ ᠣᠷᠳᠣᠨ ᠵᠢᠶᠠ ᠵᠢᠶᠠ ᠶᠤᠸᠠᠢ ᠪᠦᠯᠦᠭᠯᠡᠯ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠾᠧ ᠬᠠᠢ ᠳ᠋ᠦᠩ ᠵᠢᠶᠠ ᠵᠢᠶᠠ ᠶᠤᠸᠠᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠫᠧᠢ ᠬᠤᠸᠠᠨ ᠬᠠᠮᠲᠤ ᠪᠠᠷ ᠭᠡᠷ᠎ᠡ ᠲᠣᠭᠲᠠᠬᠤ ᠶᠢ ᠭᠡᠷᠡᠴᠢᠯᠡᠵᠡᠢ᠃      ᠲᠠᠷᠠᠭᠠᠴᠢ ᠶᠢᠨ ᠠᠯᠬᠤᠮ ᠳᠤ᠂ ᠣᠲᠣ ᠶᠢᠨ ᠪᠠᠶᠢᠭ᠎ᠠ ᠬᠠᠮᠲᠤᠷᠠᠯᠴᠠᠭᠠᠨ ᠤ ᠲᠥᠷᠥᠯ ᠵᠦᠢᠯ ᠤᠨ ᠰᠠᠭᠤᠷᠢᠨ ᠳᠡᠭᠡᠷ᠎ᠡ᠂ ᠵᠢᠶᠠ ᠵᠢᠶᠠ ᠶᠤᠸᠠᠢ ᠪᠦᠯᠦᠭᠯᠡᠯ ᠮᠠᠨ ᠤ ᠬᠤᠲᠠ ᠲᠠᠢ ᠭᠦᠨᠵᠡᠭᠡᠢ ᠬᠠᠮᠲᠤᠷᠠᠯᠴᠠᠭ᠎ᠠ ᠬᠢᠵᠦ᠂ ᠰᠢᠨ᠎ᠡ ᠰᠣᠷᠭᠤᠭ ᠢᠳᠡᠭᠡᠨ ᠢ ᠲᠣᠬᠢᠷᠠᠭᠤᠯᠤᠨ ᠬᠦᠷᠭᠡᠬᠦ᠂ ᠢᠳᠡᠭᠡᠨ ᠪᠣᠯᠪᠠᠰᠤᠷᠠᠭᠤᠯᠬᠤ᠂ ᠪᠠᠷᠠᠭᠠᠨ ᠤ ᠭᠦᠢᠯᠭᠡᠭᠡᠨ ᠤ ᠲᠥᠪ ᠵᠡᠷᠭᠡ ᠪᠥᠬᠦ ᠬᠡᠯᠬᠢᠶ᠎ᠡ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠪᠣᠯᠣᠨ᠎ᠠ᠃      ᠶᠠᠨᠲ᠋ᠠᠢ ᠬᠤᠳᠠ ᠶᠢᠨ ᠵᠧᠨ ᠬᠤᠸᠠ ᠪᠦᠯᠦᠭᠯᠡᠯ ᠳᠤ᠂ ᠾᠧ ᠬᠠᠢ ᠳ᠋ᠦᠩ ᠵᠧᠨ ᠬᠤᠸᠠ ᠤᠯᠠᠨ ᠤᠯᠤᠰ ᠤᠨ ᠲᠠᠯᠠᠪᠠᠢ᠂ ᠵᠧᠨ ᠬᠤᠸᠠ ᠬᠡᠳᠦ ᠳᠡᠯᠭᠡᠭᠦᠷ ᠵᠡᠷᠭᠡ ᠲᠦᠷᠦᠯ ᠵᠦᠢᠯ ᠢ ᠰᠢᠨᠵᠢᠯᠡᠨ ᠪᠠᠶᠢᠴᠠᠭᠠᠭᠰᠠᠨ ᠪᠥᠭᠡᠳ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠤᠸᠠᠢ ᠬᠤᠸᠠ ᠲᠠᠢ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠰᠢᠨᠬᠤᠸᠠ ᠬᠤᠳᠠᠯᠳᠤᠭᠠᠨ ᠤ ᠲᠠᠯᠠᠪᠠᠢ ᠶᠢᠨ ᠲᠦᠷᠦᠯ ᠵᠦᠢᠯ ᠢ ᠠᠬᠢᠭᠤᠯᠬᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠠᠢ᠃      ᠾᠧ ᠬᠠᠢ ᠳ᠋ᠦᠩ ᠢᠯᠡᠷᠬᠡᠶᠢᠯᠡᠬᠦ ᠳᠡᠭᠡᠨ᠂ ᠰᠢᠨᠬᠤᠸᠠ ᠲᠠᠯᠠᠪᠠᠶ ᠪᠣᠯ ᠬᠥᠬᠡᠬᠤᠲᠠ ᠶᠢᠨ ᠭᠤᠣᠯ ᠪᠣᠯᠬᠤ ᠪᠡᠯᠭᠡ ᠲᠡᠮᠳᠡᠭ ᠤᠨ ᠴᠢᠨᠠᠷᠲᠠᠢ ᠭᠠᠵᠠᠷ ᠤᠨ ᠨᠢᠭᠡ ᠮᠥᠨ᠂ ᠵᠧᠨ ᠬᠤᠸᠠ ᠪᠦᠯᠦᠭᠯᠡᠯ ᠤᠨ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠳᠠᠭᠤᠰᠬᠠᠵᠤ᠂ ᠲᠣᠭᠲᠠᠭᠰᠠᠨ ᠬᠤᠭᠤᠴᠠᠭᠠᠨ ᠳᠠᠭᠠᠨ ᠡᠭᠦᠳᠡ ᠪᠠᠨ ᠨᠡᠭᠡᠭᠡᠬᠦ ᠶᠢ ᠬᠦᠰᠡᠵᠦ ᠪᠠᠶᠢᠨ᠎ᠠ᠂ ᠬᠥᠬᠡᠬᠤᠲᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠲᠥᠷᠥᠯ ᠵᠦᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ ᠥᠭᠭᠦᠨ᠎ᠡ ᠭᠡᠵᠡᠢ᠃      ᠯᠢᠦ ᠶᠤᠸᠠᠢ ᠬᠤᠸᠠ ᠢᠯᠡᠷᠬᠡᠶᠢᠯᠡᠬᠦ ᠳᠡᠭᠡᠨ᠂ ᠵᠧᠨ ᠬᠤᠸᠠ ᠪᠦᠯᠦᠭᠯᠡᠯ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠢᠳᠡᠪᠬᠢᠲᠡᠢ ᠪᠠᠷ ᠨᠡᠮᠡᠷᠢᠯᠡᠨ᠎ᠡ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ