ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ ︿ᠬᠠᠶᠠᠭᠳᠠᠮᠠᠯ ᠪᠤᠳᠠᠰ ᠦᠭᠡᠢ ᠬᠤᠲᠠ﹀ | ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠳ᠋ᠤᠭᠠᠷ ᠰᠠᠷ᠎ᠠ ᠶᠢᠨ 8 ᠤ ᠡᠳᠦᠷ | | | ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ | ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ | | | ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠵᠡᠷᠭᠡ 18 ᠰᠠᠯᠠᠭ᠎ᠠ ᠮᠥᠴᠢᠷ ᠤᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ︿ᠬᠠᠶᠠᠭᠳᠠᠮᠠᠯ ᠪᠤᠳᠠᠰ ᠦᠭᠡᠢ | ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠣᠷᠴᠢᠨ ᠲᠣᠭᠤᠷᠢᠨ ᠬᠠᠲᠠᠭᠤ | ᠪᠡᠶᠡᠲᠦ ﹇2021﹈ 114 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢᠨ ᠲᠤᠰᠠᠳᠠ᠂ ᠲᠣᠰ ᠲᠥᠰᠥᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ | ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ | ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠤᠳᠠ ᠶᠢᠨ | ᠬᠥᠭᠵᠢᠯᠲᠡ ᠶᠢᠨ ᠳᠠᠪᠬᠤᠷᠭ᠎ᠠ ᠠᠴᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠪᠠ ᠶᠡᠷᠦᠩᠬᠡᠶᠢᠯᠡᠨ | ᠵᠠᠰᠠᠬᠤ ᠶᠢ ᠲᠦᠯᠬᠢᠨ ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠪᠣᠬᠢᠷᠳᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢ ᠰᠠᠶᠢᠲᠤᠷ ᠬᠢᠬᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠯᠦᠭᠡ ᠬᠠᠷᠢᠯᠴᠠᠨ ᠠᠭᠤᠰᠤᠯᠴᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠵᠠᠰᠠᠬᠤ ᠰᠢᠰᠲ᠋ᠧᠮᠵᠢ ᠪᠠ ᠵᠠᠰᠠᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ︱ ᠰᠢᠰᠲ᠋ᠧᠮ ᠲᠠᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠤᠨ᠎ᠠ᠃ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠭᠦᠨᠵᠡᠭᠡᠢ ᠰᠠᠶᠢᠲᠤᠷ ᠬᠢᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠵᠡᠷᠭᠡ ᠤᠯᠤᠰ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠯᠤᠭ᠎ᠠ ᠣᠷᠭᠠᠨᠢᠭ ᠢᠶᠠᠷ ᠠᠭᠤᠰᠤᠯᠴᠠᠭᠤᠯᠵᠤ᠂ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠬᠢᠭᠡᠳ ᠠᠮᠢ ᠠᠬᠤᠢ ᠶᠢᠨ ᠬᠠᠮᠠᠭᠠᠯᠠᠯᠲᠠ᠂ ᠣᠷᠴᠢᠯ ᠠᠵᠤ ᠠᠬᠤᠢ᠂ ᠠᠷᠢᠭᠤᠨ ᠴᠡᠪᠡᠷ | ᠦᠢᠯᠡᠳᠪᠦᠷᠢᠯᠡᠯ᠂ ᠡᠬᠢ ᠪᠠᠶᠠᠯᠢᠭᠵᠢᠭᠤᠯᠤᠨ ᠠᠰᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠶᠢ ᠨᠢᠭᠡᠳᠦᠯᠲᠡᠢ ᠲᠥᠯᠥᠪᠯᠡᠨ | ᠥᠷᠨᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠎ᠠ᠃ | ︱ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠭᠤᠣᠯᠳᠠᠯᠭ᠎ᠠ ᠲᠠᠢ ᠵᠠᠰᠠᠨ᠎ᠠ᠃ ᠲᠣᠰ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠴᠢ ᠶᠢᠨ ᠴᠠᠬᠢᠯᠭᠠᠨ᠂ ᠴᠠᠭᠠᠨ ᠢᠳᠡᠭᠡ | ᠡᠳ᠋ᠰᠢᠭᠦᠯᠦᠨ ᠦᠶᠯᠡᠳᠬᠦ ᠵᠡᠷᠭᠡ ᠠᠵᠢᠯ ᠲᠥᠷᠥᠯ ᠢᠶᠠᠷ ᠭᠤᠣᠯᠳᠠᠯᠭ᠎ᠠ ᠪᠣᠯᠭᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ ᠬᠡᠮᠵᠢᠶ᠎ᠡ ᠶᠡᠭᠡ᠂ ᠠᠰᠢᠭᠯᠠᠵᠤ | ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ︱ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠵᠢᠯᠴᠠᠨ ᠬᠠᠮᠲᠤᠷᠠᠯᠴᠠᠨ᠎ᠠ᠃ ᠬᠥᠬᠡᠬᠤᠲᠠ ᠶᠢᠨ ᠬᠥᠬᠡᠬᠤᠲᠠ ᠪᠤᠭᠤᠲᠤ ᠣᠷᠳᠣᠰ ᠤᠯᠠᠭᠠᠨᠴᠠᠪ | ᠤᠨ ᠬᠤᠲᠠ ᠶᠢᠨ ᠰᠦᠷᠦᠭᠵᠢᠯ ᠳᠠᠬᠢ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠬᠠᠷᠢᠯᠴᠠᠨ ᠬᠠᠮᠵᠢᠯᠴᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠷᠣᠨ ᠪᠦᠰᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ | ᠬᠠᠮᠢᠶᠠᠷᠤᠯᠲᠠ ᠶᠢᠨ ᠬᠠᠮᠵᠢᠯᠴᠠᠭ᠎ᠠ ᠪᠠ ᠬᠠᠤᠯᠢ ᠬᠡᠷᠡᠭᠵᠢᠭᠦᠯᠦᠯᠲᠡ ᠶᠢᠨ ᠬᠤᠯᠪᠣᠭᠠᠯᠠᠯ ᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠣᠷᠣᠨ ᠪᠦᠰᠡ ᠬᠤᠭᠤᠷᠤᠨᠳᠤ ᠪᠠᠨ᠂ ᠰᠠᠯᠠᠭ᠎ᠠ ᠮᠥᠴᠢᠷ ᠬᠤᠭᠤᠷᠤᠨᠳᠤ ᠪᠠᠨ ᠬᠠᠷᠢᠯᠴᠠᠨ | ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠷᠤᠮᠵᠢᠭᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ︱ ᠤᠯᠠᠨ ᠲᠠᠯ᠎ᠠ ᠪᠠᠷ ᠣᠷᠣᠯᠴᠠᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠥᠨ | ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠣᠷᠣᠯᠴᠠᠭᠰᠠᠨ ︽ᠬᠠᠶᠠᠭᠳᠠᠮᠠᠯ ᠪᠤᠳᠠᠰ | ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠡᠷᠬᠡ | ᠬᠠᠷᠢᠭᠤᠴᠠᠯᠭ᠎ᠠ ᠨᠢ ᠲᠣᠳᠣᠷᠬᠠᠢ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠤᠬᠠᠭᠤᠯᠤᠨ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠪᠠ ᠰᠠᠶᠢᠨ ᠢᠶᠠᠷ ᠨᠥᠬᠦᠴᠡᠯᠳᠦᠭᠰᠡᠨ ︽ᠬᠠᠶᠠᠭᠳᠠᠮᠠᠯ ᠪᠤᠳᠠᠰ ᠦᠭᠡᠢ ᠬᠤᠲᠠ︾ ᠶᠢ ᠪᠦᠲᠦᠭᠡᠨ | ᠪᠠᠶᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠠᠵᠢᠯ ᠤᠨ ᠬᠠᠷᠠᠯᠲᠠ | 1. ᠶᠡᠷᠦᠩᠬᠡᠢ ᠬᠠᠷᠠᠯᠲᠠ | ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ 2025 ᠣᠨ ᠪᠣᠯᠬᠤ ᠳᠤ᠂ ᠪᠣᠬᠢᠷᠳᠤᠯ ᠦᠭᠡᠢ | ᠦᠢᠯᠡᠳᠪᠦᠷᠢᠯᠡᠯ ᠪᠠ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠳᠡᠮ ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ | ᠡᠭᠦᠰᠦᠯ ᠠᠴᠠ ᠨᠢ ᠪᠠᠭᠠᠰᠬᠠᠬᠤ ᠦᠷ᠎ᠡ ᠪᠦᠲᠦᠮᠵᠢ ᠢᠯᠡᠷᠬᠡᠢ᠂ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠪᠤᠰᠤᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠪᠠ | ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠪᠠ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠦᠷ᠎ᠡ | ᠪᠦᠲᠦᠮᠵᠢ ᠢᠯᠡᠳᠲᠡ ᠳᠡᠭᠡᠭᠰᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ ᠳᠡᠭᠡᠭᠰᠢᠯᠡᠵᠦ᠂ ᠳᠦᠷᠢᠮ | ᠲᠣᠭᠲᠠᠭᠠᠯ᠂ ᠮᠡᠷᠭᠡᠵᠢᠯ᠂ ᠵᠠᠬ᠎ᠠ ᠳᠡᠯᠭᠡᠭᠦᠷ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠵᠦ᠂ ︽ᠬᠠᠶᠠᠭᠳᠠᠮᠠᠯ ᠪᠤᠳᠠᠰ | ᠦᠭᠡᠢ︾ ᠣᠶᠢᠯᠠᠭᠠᠭᠳᠠᠬᠤᠨ ᠥᠷᠭᠡᠨ ᠢᠶᠠᠷ ᠲᠠᠨᠢᠭᠳᠠᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | 2. ᠭᠦᠢᠴᠡᠳᠬᠡᠯ ᠲᠤᠭ᠎ᠠ ᠶᠢᠨ ᠰᠢᠰᠲ᠋ᠧᠮᠵᠢ | ᠳ᠋ᠤᠭᠠᠷ ᠨᠢᠭᠡᠳᠦᠭᠡᠷ ᠲᠡᠰ ᠤᠨ ᠭᠦᠢᠴᠡᠳᠬᠡᠯ ᠲᠤᠭ᠎ᠠ ᠬᠤᠶᠠᠳᠤᠭᠠᠷ ᠲᠡᠰ ᠤᠨ ᠭᠦᠢᠴᠡᠳᠬᠡᠯ ᠲᠤᠭ᠎ᠠ ᠭᠤᠷᠪᠠᠳᠤᠭᠠᠷ ᠲᠡᠰ ᠤᠨ ᠭᠦᠢᠴᠡᠳᠬᠡᠯ ᠲᠤᠭ᠎ᠠ | ᠣᠳᠣ ᠶᠢᠨ ᠪᠠᠶᠢᠳᠠᠯ ᠤᠨ ᠬᠡᠮᠵᠢᠭᠳᠡᠯ 2020 ᠣᠨᠬᠠᠷᠠᠯᠲᠠ ᠬᠡᠮᠵᠢᠭᠳᠡᠯ 2025 ᠣᠨ ᠬᠡᠮᠵᠢᠯᠲᠡ ᠶᠢᠨ ᠨᠢᠭᠡᠴᠢ ᠬᠠᠷᠢᠭᠤᠴᠠᠯᠭᠠᠲᠤ ᠨᠢᠭᠡᠴᠢ | 1 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠠᠵᠤ | ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ ᠬᠦᠴᠦᠯᠡᠴᠡ★2.17 1.82 ᠲᠣᠨ/ ᠲᠦᠮᠡᠨ ᠲᠥᠭᠦᠷᠢᠭ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ︵ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ ᠬᠠᠩᠭᠠᠨ᠎ᠠ︶ | 2 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠠᠵᠤ | ᠦᠢᠯᠡᠳᠪᠦᠷᠢ ᠶᠢᠨ ᠬᠤᠣᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ ᠬᠦᠴᠦᠯᠡᠴᠡ★ 38.27 38.08 ᠺᠢᠯᠣᠭ᠍ᠷᠠᠮ/ ᠲᠦᠮᠡᠨ | ᠲᠥᠭᠦᠷᠢᠭᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ︵ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ | ᠬᠠᠩᠭᠠᠨ᠎ᠠ︶ | 3 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠠᠷᠢᠭᠤᠨ | ᠴᠡᠪᠡᠷ ᠦᠢᠯᠡᠳᠪᠦᠷᠢᠯᠡᠯ ᠤᠨ ᠬᠢᠨᠠᠨ ᠵᠥᠪᠰᠢᠶᠡᠷᠡᠯ ᠦᠨᠡᠯᠡᠯᠲᠡ ᠶᠢ ᠣᠯᠣᠭᠰᠠᠨ ᠠᠵᠤ ᠠᠬᠤᠶᠢᠯᠠᠯ ᠤᠨ ᠬᠤᠪᠢ ᠶᠢᠨ ᠵᠢᠩ ★ 65 80 % | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ | 4 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠪᠣᠬᠢᠷᠲᠤᠯ | ᠦᠭᠡᠢ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠠᠵᠤ ᠠᠬᠤᠶᠢᠯᠠᠯ ᠤᠨ ᠲᠤᠭ᠎ᠠ 16 45 ᠬᠤᠪᠢ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 5 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠠᠮᠢ | ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠣᠷᠴᠢᠯᠳᠤᠭᠤᠯᠬᠤ ᠥᠭᠡᠷᠡᠴᠢᠯᠡᠯᠲᠡ᠂ ᠪᠣᠬᠢᠷᠲᠤᠯ ᠦᠭᠡᠢ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠪᠢ ᠶᠢᠨ ᠵᠢᠩ | 0 71.4%ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 6 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠪᠣᠬᠢᠷᠲᠤᠯ | ᠦᠭᠡᠢ ᠠᠭᠤᠷᠬᠠᠢ ᠶᠢ ᠪᠦᠲᠦᠭᠡᠨ ᠪᠠᠶᠢᠭᠤᠯᠤᠭᠰᠠᠨ ᠨᠣᠷᠮ᠎ᠠ★ 15 100 % ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ | 7 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠵᠤ ᠦᠢᠯᠡᠳᠪᠦᠷᠢ ᠶᠢᠨ ᠡᠬᠢ ᠠᠴᠠ ᠪᠠᠭᠠᠰᠬᠠᠬᠤ ᠬᠤᠲᠠ ᠶᠢᠨ | ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠬᠦᠴᠦᠯᠡᠴᠡ ᠶᠢ | ᠪᠠᠭᠤᠷᠠᠭᠤᠯᠤᠭᠰᠠᠨ ᠬᠡᠮᠵᠢᠶ᠎ᠡ - 18 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 8 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠᠷᠢᠯᠭ᠎ᠠ ᠶᠢᠨ ᠦᠢᠯᠡᠰ ᠤᠨ ᠡᠬᠢ ᠠᠴᠠ ᠪᠠᠭᠠᠰᠬᠠᠬᠤ | ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ ★ 5 100 % ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ | 9 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠪᠠᠷᠢᠯᠭ᠎ᠠ ᠶᠢᠨ ᠦᠢᠯᠡᠰ ᠤᠨ ᠡᠬᠢ ᠠᠴᠠ ᠪᠠᠭᠠᠰᠬᠠᠬᠤ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ 3 30 % ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 10 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ | ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ ᠲᠡᠭᠡᠭᠡᠪᠦᠷᠢᠯᠡᠭᠰᠡᠨ ᠬᠡᠮᠵᠢᠶ᠎ᠡ ★74.5 70ᠲᠦᠮᠡᠨ ᠲᠣᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ ᠬᠠᠩᠭᠠᠨ᠎ᠠ︶ | 11 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ | ᠬᠤᠲᠠ ᠶᠢᠨ ᠰᠠᠭᠤᠭᠠᠯᠢ ᠠᠷᠠᠳ ᠤᠨ ᠬᠤᠷᠢᠶᠠᠯᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠪᠦᠷᠬᠦᠴᠡ 100 100 % | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 12 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ | ᠬᠥᠳᠡᠭᠡ ᠲᠣᠰᠬᠤᠨ ᠣᠷᠣᠨ ᠤ ᠬᠤᠭ ᠨᠣᠪᠰᠢ ᠶᠢ ᠲᠥᠷᠥᠯ ᠬᠤᠪᠢᠶᠠᠭᠰᠠᠨ ᠪᠦᠷᠬᠦᠴᠡ 0 5 % ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ | 13 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ | ᠲᠦᠷᠭᠡᠨ ᠬᠦᠷᠭᠡᠯᠲᠡ ᠳᠤ ᠪᠣᠬᠢᠷᠲᠤᠯ ᠦᠭᠡᠢ ᠪᠠᠭᠯᠠᠭ᠎ᠠ ᠬᠡᠷᠡᠭᠯᠡᠭᠰᠡᠨ ᠨᠣᠷᠮ᠎ᠠ 75 90 % ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ | 14 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠤᠷᠮ᠎ᠠ★ 22.1 60 % ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ | 15 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ ᠬᠤᠣᠷᠲᠠᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ★ 63. | 681 70 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 16 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠬᠡᠪᠴᠢᠶᠡᠵᠢᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠰᠬᠠᠢ ᠮᠡᠷᠭᠡᠵᠢᠯ ᠤᠨ | ᠠᠵᠤ ᠠᠬᠤᠶᠢᠯᠠᠯ ᠤᠨ ᠲᠤᠭ᠎ᠠ - 25 - ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ | 17 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠠᠰᠢᠭᠯᠠᠬᠤ ᠵᠢᠯ ᠤᠨ ᠦᠢᠯᠡᠳᠪᠦᠷᠢᠯᠡᠯ ᠤᠨ ᠥᠷᠲᠡᠭ 5000 ᠲᠦᠮᠡᠨ ᠲᠥᠭᠦᠷᠢᠭ ᠢ ᠳᠠᠪᠠᠭᠰᠠᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠬᠤ ᠠᠵᠤ ᠠᠬᠤᠶᠢᠯᠠᠯ ᠤᠨ ᠲᠤᠭ᠎ᠠ - 10 - ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | 18 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ★ 85 90 %ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ | 19 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ★ 90 90 %ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 20 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠭᠰᠠᠨ ᠨᠣᠷᠮ᠎ᠠ★ 82 85 %ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ | 21 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠬᠢᠮᠢ ᠶᠢᠨ ᠲᠠᠷᠢᠶᠠᠨ ᠡᠮ ᠬᠡᠷᠡᠭᠯᠡᠬᠦ ᠶᠢ ᠮᠤ᠋ ᠪᠦᠷᠢ ᠳᠤ ᠪᠠᠭᠤᠷᠠᠭᠤᠯᠤᠭᠰᠠᠨ ᠬᠡᠮᠵᠢᠶ᠎ᠡ 2 ᠰᠥᠭᠡᠷᠭᠦ ᠨᠡᠮᠡᠭᠳᠡᠯ ᠲᠠᠢ %ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 22 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠬᠢᠮᠢ ᠶᠢᠨ ᠪᠣᠷᠳᠣᠭᠤᠷ ᠬᠡᠷᠡᠭᠯᠡᠬᠦ ᠶᠢ ᠮᠤ᠋ ᠪᠦᠷᠢ ᠳᠤ ᠪᠠᠭᠤᠷᠠᠭᠤᠯᠤᠭᠰᠠᠨ ᠬᠡᠮᠵᠢᠶ᠎ᠡ ᠰᠥᠭᠡᠷᠭᠦ ᠨᠡᠮᠡᠭᠳᠡᠯ ᠲᠠᠢ ᠰᠥᠭᠡᠷᠭᠦ ᠨᠡᠮᠡᠭᠳᠡᠯ ᠲᠠᠢ | %ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 23 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠭᠰᠠᠨ ᠨᠣᠷᠮ᠎ᠠ ★ 35.09 60 % ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 24 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠭᠰᠠᠨ ᠨᠣᠷᠮ᠎ᠠ ★ 30 35 % ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ | 25 ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠡᠭᠦᠯᠦᠨ ᠬᠤᠷᠢᠶᠠᠵᠤ ᠠᠪᠴᠤ ᠪᠣᠯᠬᠤ | ᠪᠣᠳᠠᠰ ᠢ ᠬᠤᠷᠢᠶᠠᠨ ᠠᠪᠤᠭᠰᠠᠨ ᠨᠣᠷᠮ᠎ᠠ ★ - 100 % ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | 26 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠶᠤᠯᠲᠠᠢ ᠬᠠᠶᠠᠭᠳᠠᠮᠠᠯ ᠪᠣᠳᠠᠰ ᠢ ᠠᠶᠤᠯᠭᠦᠢ ᠰᠢᠢᠳᠪᠦᠷᠢᠯᠡᠬᠦ ᠠᠵᠤ | ᠦᠢᠯᠡᠳᠪᠦᠷᠢ ᠶᠢᠨ ᠠᠶᠤᠯᠲᠠᠢ ᠬᠠᠶᠠᠭᠳᠠᠮᠠᠯ ᠪᠣᠳᠠᠰ ᠢ ᠪᠤᠯᠠᠵᠤ ᠰᠢᠢᠳᠪᠦᠷᠢᠯᠡᠬᠦ ᠬᠡᠮᠵᠢᠶ᠎ᠡ ᠶᠢᠨ ᠪᠠᠭᠤᠷᠠᠭᠰᠠᠨ ᠨᠣᠷᠮ᠎ᠠ ★ - 5 % | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 27 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠶᠤᠯᠲᠠᠢ ᠬᠠᠶᠠᠭᠳᠠᠮᠠᠯ ᠪᠣᠳᠠᠰ ᠢ ᠠᠶᠤᠯᠭᠦᠢ ᠰᠢᠢᠳᠪᠦᠷᠢᠯᠡᠬᠦ | ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ★99 100 % ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 28 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠶᠤᠯᠲᠠᠢ ᠬᠠᠶᠠᠭᠳᠠᠮᠠᠯ ᠪᠣᠳᠠᠰ ᠢ ᠠᠶᠤᠯᠭᠦᠢ ᠰᠢᠢᠳᠪᠦᠷᠢᠯᠡᠬᠦ | ᠨᠡᠶᠢᠭᠡᠮ ᠤᠨ ᠡᠬᠢ ᠲᠠᠢ ᠠᠶᠤᠯᠲᠠᠢ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ 40 90 % | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠤᠷᠭᠠᠨ ᠬᠥᠮᠥᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | 29 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠬᠠᠳᠠᠭᠠᠯᠠᠵᠤ ᠰᠢᠢᠳᠪᠦᠷᠢᠯᠡᠬᠦᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ | ᠬᠡᠮᠵᠢᠶ᠎ᠡ ᠶᠢᠨ ᠪᠠᠭᠤᠷᠠᠭᠰᠠᠨ ᠨᠣᠷᠮ᠎ᠠ ★ - 5 % ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 30 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠬᠠᠳᠠᠭᠠᠯᠠᠵᠤ ᠰᠢᠢᠳᠪᠦᠷᠢᠯᠡᠬᠦᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ ᠬᠠᠳᠠᠭᠠᠯᠠᠬᠤ | ᠭᠠᠵᠠᠷ ︵ᠬᠦᠳᠡᠷ ᠤᠨ ᠰᠢᠭᠠᠷᠤ ᠶᠢᠨ ᠬᠥᠮᠥᠷᠭᠡ ᠶᠢ ᠪᠠᠭᠲᠠᠭᠠᠨ᠎ᠠ︶ ᠤᠨ ᠶᠡᠷᠦᠩᠬᠡᠶᠢᠯᠡᠨ ᠴᠡᠭᠴᠡᠯᠡᠨ ᠵᠠᠰᠠᠭᠰᠠᠨ ᠲᠠᠯᠠᠪᠤᠷ ᠭᠠᠵᠠᠷ ᠲᠤ ᠡᠵᠡᠯᠡᠬᠦ ᠬᠤᠪᠢ ᠶᠢᠨ | ᠵᠢᠩ 13 100%ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | 31 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠲᠠᠷᠢᠶᠠᠯᠠᠩ ᠤᠨ ᠬᠠᠶᠠᠭᠳᠠᠮᠠᠯ ᠪᠣᠳᠠᠰ ᠢ | ᠰᠢᠢᠳᠪᠦᠷᠢᠯᠡᠬᠦᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠦᠷᠬᠦᠴᠡ 60 80 | % ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 32 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠮᠢᠳᠤᠷᠠᠯ ᠤᠨ ᠬᠦᠷᠢᠶ᠎ᠡ ᠴᠠᠷᠠᠭ᠎ᠠ ᠳᠠᠬᠢ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠬᠤᠪᠢ ᠶᠢᠨ ᠵᠢᠩ ★ 46. | 957.0% ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 33 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠠᠮᠢᠳᠤᠷᠠᠯ ᠤᠨ ᠬᠦᠷᠢᠶ᠎ᠡ ᠴᠠᠷᠠᠭ᠎ᠠ ᠳᠠᠬᠢ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ★ 70. | 8495 % ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | 34 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠬᠤᠯᠪᠣᠭᠳᠠᠯ | ᠪᠦᠬᠦᠢ ᠲᠥᠯᠥᠪᠵᠢᠭᠦᠯᠭᠡ ᠶᠢ ᠲᠣᠭᠲᠠᠭᠠᠬᠤ ★ ->5 - ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 35 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠯᠴᠠᠭ᠎ᠠ ★ -ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ - ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 36 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠠᠰᠢᠭ ᠢ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠬᠢᠨᠠᠨ ᠰᠢᠯᠭᠠᠯᠲᠠ ᠳᠤ ᠣᠷᠣᠭᠤᠯᠤᠭᠰᠠᠨ ᠪᠠᠶᠢᠳᠠᠯ- ᠬᠢᠨᠠᠨ | ᠰᠢᠯᠭᠠᠬᠤ ᠠᠷᠭ᠎ᠠ ᠶᠢ ᠲᠣᠭᠲᠠᠭᠠᠬᠤ - ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 37 ᠪᠠᠲᠤᠯᠠᠭ᠎ᠠ ᠶᠢᠨ ᠴᠢᠳᠠᠪᠤᠷᠢ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ︽ᠬᠠᠶᠠᠭᠳᠠᠮᠠᠯ ᠦᠭᠡᠢ ᠡᠰ︾ ᠤᠨ ᠪᠦᠲᠦᠭᠡᠨ ᠪᠠᠶᠢᠭᠤᠯᠤᠯᠲᠠ ᠶᠢ | ᠥᠷᠨᠢᠭᠦᠯᠦᠭᠰᠡᠨ ᠨᠢᠭᠡᠴᠢ- 18 - ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 38 ᠪᠠᠲᠤᠯᠠᠭ᠎ᠠ ᠶᠢᠨ ᠴᠢᠳᠠᠪᠤᠷᠢ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠪᠡᠯᠡ ᠣᠷᠣᠭᠤᠯᠤᠭᠰᠠᠨ ᠶᠡᠷᠦᠩᠬᠡᠢ ᠬᠡᠮᠵᠢᠶ᠎ᠡ ★ - 222 ᠳ᠋ᠦᠩᠰᠢᠭᠤᠷ ᠲᠥᠭᠦᠷᠢᠭ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | 39 ᠪᠠᠲᠤᠯᠠᠭ᠎ᠠ ᠶᠢᠨ ᠴᠢᠳᠠᠪᠤᠷᠢ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠠᠵᠤ ᠠᠬᠤᠶᠢᠯᠠᠯ ᠤᠨ ᠣᠷᠴᠢᠨ ᠲᠣᠭᠤᠷᠢᠨ ᠤ | ᠢᠲᠡᠭᠡᠮᠵᠢ ᠶᠢᠨ ᠦᠨᠡᠯᠡᠯᠲᠡ ᠶᠢᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠠᠢ ᠬᠤᠯᠪᠣᠭᠳᠠᠯ ᠲᠠᠢ ᠠᠵᠤ | ᠠᠬᠤᠶᠢᠯᠠᠯ ᠤᠨ ᠬᠤᠪᠢ ᠶᠢᠨ ᠵᠢᠩ 21.3 60 %ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ | 40 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ ᠬᠤᠣᠷ ᠦᠭᠡᠶᠢᠳᠡᠭᠦᠯᠬᠦ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠯᠠᠯ ᠲᠣᠭᠲᠠᠭᠠᠬᠤ ᠳᠤ ᠭᠤᠣᠯ | ᠣᠷᠣᠯᠴᠠᠭᠰᠠᠨ ᠲᠤᠭ᠎ᠠ 0 2-ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 41 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠬᠤᠷᠢᠶᠠᠵᠤ ᠠᠰᠢᠭᠯᠠᠨ ᠰᠢᠢᠳᠪᠦᠷᠢᠯᠡᠬᠦ ᠵᠠᠩᠭᠢᠯᠠᠭ᠎ᠠ ᠶᠢᠨ ᠮᠡᠷᠭᠡᠵᠢᠯ ᠤᠨ ᠤᠷᠠᠯᠠᠯ᠂ ᠲᠥᠬᠦᠭᠡᠷᠦᠮᠵᠢ ᠶᠢ ᠰᠤᠳᠤᠯᠤᠨ ᠨᠡᠭᠡᠭᠡᠬᠦ | ᠵᠢᠴᠢ ᠦᠷ᠎ᠡ ᠪᠦᠲᠦᠭᠡᠯ ᠢ ᠤᠯᠠᠷᠢᠭᠤᠯᠬᠤ - 2 - ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ | 42 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠮᠡᠳᠡᠭᠡ ᠵᠠᠩᠭᠢᠴᠢᠯᠠᠵᠤ ᠬᠢᠨᠠᠨ ᠬᠠᠮᠢᠶᠠᠷᠤᠭᠰᠠᠨ ᠪᠠᠶᠢᠳᠠᠯ ★ -ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ -ᠬᠤᠲᠠ ᠶᠢᠨ ︽ᠬᠠᠶᠠᠭᠳᠠᠮᠠᠯ ᠪᠤᠳᠠᠰ | ᠦᠭᠡᠢ ᠬᠤᠲᠠ ᠶᠢᠨ ᠠᠯᠪᠠᠨ ᠭᠡᠷ︾ | 43 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ | ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢ ᠰᠤᠭᠤᠴᠢᠨ ᠪᠠᠶᠢᠴᠠᠭᠠᠵᠤ ᠬᠢᠷᠢ ᠬᠦᠷᠦᠭᠰᠡᠨ ᠨᠣᠷᠮ᠎ᠠ 98 99 | %ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 44 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠡᠷᠡᠭᠦᠦ ᠶᠢᠨ ᠬᠡᠷᠡᠭ ᠢ ᠬᠡᠷᠡᠭ ᠢᠶᠠᠷ ᠳᠠᠩᠰᠠᠯᠠᠭᠰᠠᠨ ᠨᠣᠷᠮ᠎ᠠ ★ | 100 100 % ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 45 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ | ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ᠂ ᠵᠠᠭᠠᠯᠳᠤᠯᠭ᠎ᠠ᠂ ᠢᠯᠡᠴᠢᠯᠡᠭᠰᠡᠨ ᠬᠡᠷᠡᠭ ᠢ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ 60 90 %ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 46 ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ | ᠪᠠᠶᠢᠭᠤᠯᠤᠯᠲᠠᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ ᠲᠤ ᠠᠮᠢ ᠠᠬᠤᠢ ᠣᠷᠴᠢᠨ ᠲᠣᠭᠤᠷᠢᠨ ᠢ | ᠬᠤᠬᠢᠷᠠᠭᠤᠯᠤᠭᠰᠠᠨ ᠢ ᠲᠥᠯᠥᠬᠦ ᠠᠵᠢᠯ ᠢ ᠥᠷᠨᠢᠭᠦᠯᠦᠭᠰᠡᠨ ᠪᠦᠷᠬᠦᠴᠡ- 90 %ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | 47 ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ︽ᠬᠠᠶᠠᠭᠳᠠᠮᠠᠯ ᠪᠤᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠬᠥᠮᠥᠵᠢᠯ ᠤᠨ ᠪᠣᠯᠪᠠᠰᠤᠷᠠᠭᠤᠯᠤᠯ ᠢ ᠲᠦᠭᠡᠮᠡᠯᠵᠢᠭᠦᠯᠦᠭᠰᠡᠨ ᠨᠣᠷᠮ᠎ᠠ - 85 %ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | 48 ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠠᠰᠠᠭ ᠤᠨ ᠣᠷᠳᠣᠨ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠵᠠᠰᠠᠭ ᠤᠨ ᠪᠤᠰᠤ ᠣᠷᠴᠢᠨ ᠲᠣᠭᠤᠷᠢᠨ ᠤ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ︽ᠬᠠᠶᠠᠭᠳᠠᠮᠠᠯ ᠪᠤᠳᠠᠰ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠡᠮᠵᠢᠶ᠎ᠡ - 85 %ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ | ᠭᠡᠷ︾ | 49 ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯᠣᠯᠠᠨ ᠲᠦᠮᠡᠨ ᠤ ︽ᠬᠠᠶᠠᠭᠳᠠᠮᠠᠯ ᠪᠤᠳᠠᠰ ᠦᠭᠡᠢ | ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠲᠤᠬᠠᠢ ᠬᠠᠨᠤᠮᠵᠢ ᠶᠢᠨ ᠬᠡᠮᠵᠢᠶ᠎ᠡ ★ - 85 %ᠬᠤᠲᠠ ᠶᠢᠨ ︽ | ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ | ᠠᠩᠬᠠᠷᠬᠤ᠄ ★ ᠨᠢ ᠥᠪᠡᠷᠲᠡᠭᠡᠨ ᠰᠣᠩᠭᠤᠬᠤ ᠭᠦᠢᠴᠡᠳᠬᠡᠯ ᠲᠤᠭ᠎ᠠ | ᠬᠤᠶᠠᠷ᠂ ᠭᠤᠣᠯ ᠡᠭᠦᠷᠭᠡ | ︵ᠨᠢᠭᠡ︶ ᠦᠵᠦ ᠵᠢᠷᠤᠭ ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ | ᠲᠣᠭᠲᠠᠴᠠ ᠶᠢ ᠪᠠᠶᠢᠭᠤᠯᠤᠨ᠎ᠠ | 1. ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ︽ ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠣᠬᠢᠷᠠᠭᠤᠯᠤᠯᠲᠠ ᠶᠢᠨ ᠳᠣᠣᠷ᠎ᠠ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠠᠯᠪᠠᠨ ᠭᠡᠷ ︵ᠳᠣᠷᠣᠭᠰᠢ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ ᠭᠡᠵᠦ | ᠳᠥᠭᠦᠮᠴᠢᠯᠡᠨ᠎ᠡ︶ ᠠᠴᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ | ᠲᠣᠭᠲᠠᠭᠰᠠᠨ ᠬᠤᠭᠤᠴᠠᠭ᠎ᠠ ᠲᠠᠢ ᠬᠤᠷᠠᠯᠳᠤᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠵᠦ᠂ ᠡᠯ᠎ᠡ | ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠵᠢᠯᠣᠭᠤᠳᠴᠤ ᠵᠣᠬᠢᠴᠠᠭᠤᠯᠤᠨ᠎ᠠ᠃ ᠠᠵᠢᠯ ᠤᠨ ᠬᠤᠪᠢᠶᠠᠷᠢᠯᠠᠯ ᠨᠢ ᠲᠣᠳᠣᠷᠬᠠᠢ | ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠬᠠᠷᠢᠯᠴᠠᠨ ᠬᠠᠮᠵᠢᠯᠴᠠᠵᠤ ᠦᠷ᠎ᠡ ᠠᠰᠢᠭ ᠢ ᠨᠡᠮᠡᠭᠳᠡᠭᠦᠯᠦᠭᠰᠡᠨ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠭᠰᠡᠨ ︽ | ᠬᠠᠶᠠᠭᠳᠠᠮᠠᠯ ᠪᠤᠳᠠᠰ ᠦᠭᠡᠢ ᠬᠤᠲᠠ︾ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ | ᠲᠣᠭᠲᠠᠭᠰᠠᠨ ᠬᠤᠭᠤᠴᠠᠭ᠎ᠠ ᠲᠠᠢ ᠪᠠᠷ ᠵᠥᠪᠳᠡᠯᠴᠡᠬᠦ᠂ ᠮᠡᠳᠡᠭᠡ ᠵᠠᠩᠭᠢ ᠶᠢ ᠮᠡᠳᠡᠭᠦᠯᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠵᠡᠷᠭᠡ | ᠠᠵᠢᠯ ᠤᠨ ᠳᠦᠷᠢᠮ ᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠨᠠᠷᠢᠯᠢᠭᠵᠢᠭᠤᠯᠵᠤ᠂ ᠱᠠᠲᠤ ᠦᠶ᠎ᠡ ᠶᠢᠨ ᠪᠠ ᠣᠨ ᠤ ᠠᠵᠢᠯ ᠤᠨ | ᠡᠭᠦᠷᠭᠡ ᠶᠢ ᠨᠠᠷᠢᠯᠢᠭᠵᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠠᠶᠢᠷᠢᠯᠠᠭᠤᠯᠬᠤ ᠪᠠ | ᠬᠠᠮᠵᠢᠯᠴᠠᠨ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ︽ᠬᠠᠶᠠᠭᠳᠠᠮᠠᠯ ᠪᠤᠳᠠᠰ | ᠦᠭᠡᠢ ᠬᠤᠲᠠ ᠶᠢᠨ ᠠᠯᠪᠠᠨ ᠭᠡᠷ︾︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ | 2. ᠰᠢᠯᠭᠠᠨ ᠬᠢᠨᠠᠬᠤ ᠰᠢᠰᠲ᠋ᠧᠮᠵᠢ ᠶᠢ ᠪᠦᠷᠢᠨᠰᠢᠭᠦᠯᠵᠦ᠂ ︽ᠬᠠᠶᠠᠭᠳᠠᠮᠠᠯ ᠪᠤᠳᠠᠰ ᠦᠭᠡᠢ ᠬᠤᠲᠠ︾ ᠶᠢ ᠰᠢᠯᠭᠠᠨ ᠬᠢᠨᠠᠵᠤ ᠦᠨᠡᠯᠡᠨ᠎ᠡ᠃ ︽ | ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠨᠡᠯᠡᠨ ᠵᠢᠱᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠵᠠᠳᠠᠯᠬᠤ᠂ | ᠰᠢᠮᠳᠠᠭᠤᠯᠤᠨ ᠪᠠᠶᠢᠴᠠᠭᠠᠬᠤ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ | ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯ ᠬᠢᠬᠦ ᠠᠷᠭ᠎ᠠ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠰᠠᠨᠠᠭᠤᠯᠭ᠎ᠠ ᠵᠡᠷᠭᠡ ᠳᠤ | ᠳ᠋ᠦᠩᠨᠡᠯᠲᠡ ᠬᠢᠨ᠎ᠡ᠃ ︽ᠬᠥᠬᠡᠬᠤᠲᠠ ᠶᠢᠨ ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ | ᠬᠢᠨᠠᠬᠤ ᠠᠷᠭ᠎ᠠ︾ ᠶᠢ ᠰᠤᠳᠤᠯᠤᠨ ᠲᠣᠭᠲᠠᠭᠠᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠬᠤᠲᠠ ᠶᠢᠨ ᠱᠠᠲᠤᠨ ᠤ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠣᠷᠣᠭᠤᠯᠤᠨ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠦᠨᠡᠯᠡᠨ ᠵᠢᠱᠢᠭᠰᠡᠨ ᠦᠷ᠎ᠡ | ᠳ᠋ᠦᠩ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠰᠢᠭᠤ ᠰᠢᠶᠠᠨ ᠲᠣᠭᠤᠷᠢᠭ ᠢ ᠰᠢᠯᠭᠠᠨ ᠬᠢᠨᠠᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠬᠤᠶᠠᠷ︶ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠶᠢᠨ ᠴᠠᠬᠢᠯᠭᠠᠨ ᠤ | ᠠᠵᠢᠯ ᠲᠥᠷᠥᠯ ᠤᠨ ᠦᠷᠭᠦᠯᠵᠢᠯᠡᠬᠦᠶᠢᠴᠡ ᠬᠥᠭᠵᠢᠯᠲᠡ ᠶᠢ ᠲᠦᠯᠬᠢᠨ ᠠᠬᠢᠭᠤᠯᠤᠨ᠎ᠠ | 1. ᠡᠨᠧᠷᠭᠢ ᠶᠢᠨ ᠬᠠᠩᠭᠠᠯᠭ᠎ᠠ ᠬᠡᠷᠡᠭᠯᠡᠭᠡᠨ ᠤ ᠪᠦᠲᠦᠴᠡ ᠳᠤ ᠲᠣᠬᠢᠷᠠᠭᠤᠯᠤᠯᠲᠠ ᠬᠢᠵᠦ᠂ ᠨᠡᠭᠦᠷᠡᠰᠦᠨ ᠤ ᠡᠬᠢ ᠪᠠᠶᠠᠯᠢᠭ ᠤᠨ ᠬᠤᠷᠣᠭᠳᠠᠯ ᠢ | ᠪᠠᠭᠠᠰᠬᠠᠨ᠎ᠠ᠃ ᠰᠢᠨ᠎ᠡ ᠡᠨᠧᠷᠭᠢ ᠶᠢᠨ ᠬᠥᠭᠵᠢᠯᠲᠡ ᠶᠢᠨ ᠡᠷᠴᠢᠮ ᠢ ᠴᠢᠩᠭᠠᠷᠠᠭᠤᠯᠵᠤ᠂ ᠳᠠᠯᠠᠨ ᠬᠠᠷ᠎ᠠ ᠠᠭᠤᠯᠠ ᠶᠢᠨ ᠡᠷᠬᠢᠨ ᠲᠣᠭᠤᠷᠢᠨ ᠤ ᠰᠠᠯᠬᠢᠨ ᠤ ᠡᠨᠧᠷᠭᠢ | ᠂ ᠬᠡᠷᠡᠯ ᠤᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠬᠤ ᠶᠢ ᠠᠬᠢᠭᠤᠯᠵᠤ᠂ ᠦᠴᠦᠸᠠᠨ ᠰᠢᠶᠠᠨ ᠤ ᠨᠢᠭᠡᠨᠲᠡ ᠠᠰᠢᠭᠯᠠᠯᠲᠠ ᠳᠤ | ᠣᠷᠣᠭᠤᠯᠤᠭᠰᠠᠨ ᠪᠠ ᠴᠢᠩ ᠱᠦᠢ ᠾᠧ ᠰᠢᠶᠠᠨ᠂ ᠬᠤᠷᠢᠨᠭᠡᠷ ᠰᠢᠶᠠᠨ ᠤ ᠪᠠᠶᠢᠭᠤᠯᠵᠤ ᠪᠠᠶᠢᠭ᠎ᠠ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢᠶᠠᠷ | ᠰᠠᠭᠤᠷᠢ ᠪᠣᠯᠭᠠᠵᠤ᠂ ᠳᠠᠯᠠᠨ ᠬᠠᠷ᠎ᠠ ᠠᠭᠤᠯᠠ ᠶᠢᠨ ᠰᠠᠯᠬᠢᠨ ᠤ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ︔ ᠲᠦᠮᠡᠳ ᠵᠡᠭᠦᠨ ᠬᠤᠰᠢᠭᠤ᠂ | ᠦᠴᠦᠸᠠᠨ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ ᠪᠣᠯᠣᠨ ᠴᠢᠩ ᠱᠦᠢ ᠾᠧ ᠰᠢᠶᠠᠨ ᠵᠡᠷᠭᠡ ᠭᠠᠵᠠᠷ ᠢᠶᠠᠷ ᠭᠤᠣᠯᠳᠠᠯᠭ᠎ᠠ ᠪᠣᠯᠭᠠᠵᠤ᠂ ︽ᠬᠡᠷᠡᠯ | ᠸᠣᠯᠲ +︾ ᠴᠠᠬᠢᠯᠭᠠᠨ ᠭᠠᠷᠭᠠᠬᠤ ᠪᠠ ᠡᠨᠧᠷᠭᠢ ᠬᠠᠳᠠᠭᠠᠯᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠠᠬᠢᠯᠭᠠᠨ ᠤ ᠦᠢᠯᠡᠳᠪᠦᠷᠢ ᠶᠢᠨ ᠭᠡᠷ ᠤᠨ | ᠣᠷᠣᠢ᠂ ᠬᠤᠭᠤᠰᠤᠨ ᠭᠠᠵᠠᠷ᠂ ᠦᠨᠡᠰᠦ ᠭᠠᠳᠠᠭᠰᠢᠯᠠᠭᠤᠯᠬᠤ ᠲᠠᠯᠠᠪᠠᠶ ᠪᠣᠯᠣᠨ ᠬᠠᠶᠠᠭᠳᠠᠮᠠᠯ ᠠᠭᠤᠷᠬᠠᠢ᠂ ᠬᠦᠳᠡᠷ ᠤᠨ ᠰᠢᠭᠠᠷᠤ ᠶᠢᠨ ᠬᠥᠮᠥᠷᠭᠡ᠂ ᠰᠢᠷᠣᠢ | ᠭᠠᠳᠠᠭᠰᠢᠯᠠᠭᠤᠯᠬᠤ ᠲᠠᠯᠠᠪᠠᠶ᠂ ᠰᠢᠭᠠᠷᠤ ᠶᠢᠨ ᠲᠠᠯᠠᠪᠠᠶ ᠵᠡᠷᠭᠡ ᠲᠠᠯᠠᠪᠤᠷ ᠢ ᠭᠦᠢᠴᠡᠳ ᠠᠰᠢᠭᠯᠠᠨ ᠲᠠᠷᠠᠬᠠᠢ ᠬᠡᠯᠪᠡᠷᠢ ᠶᠢᠨ ᠬᠡᠷᠡᠯ ᠸᠣᠯᠲ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾᠂ ︽ᠨᠡᠭᠦᠷᠡᠰᠦ ᠶᠢ ᠰᠢᠲᠠᠮᠠᠬᠠᠢ ᠬᠡᠢ ᠪᠠᠷ ᠥᠭᠡᠷᠡᠴᠢᠯᠡᠬᠦ︾ ᠵᠡᠷᠭᠡ | ᠴᠡᠪᠡᠷ ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ ᠠᠬᠢᠴᠠ ᠶᠢ ᠲᠦᠷᠭᠡᠳᠬᠡᠨ ᠬᠡᠷᠡᠭᠵᠢᠭᠦᠯᠵᠦ᠂ ᠰᠤᠯᠠ ᠨᠡᠭᠦᠷᠡᠰᠦ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ | ᠴᠡᠪᠡᠷ ᠳᠤᠯᠠᠭᠠᠯᠠᠭ᠎ᠠ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠷᠠᠳ ᠤᠨ ᠬᠡᠷᠡᠭᠯᠡᠭᠡᠨ ᠤ ᠰᠤᠯᠠ ᠨᠡᠭᠦᠷᠡᠰᠦ ᠪᠣᠯᠣᠨ ᠲᠠᠷᠢᠶᠠᠯᠠᠩ ᠳᠤ ᠬᠡᠷᠡᠭᠯᠡᠬᠦ | ᠨᠡᠭᠦᠷᠡᠰᠦᠨ ᠤ ᠬᠡᠷᠡᠭᠯᠡᠭᠡᠨ ᠤ ᠬᠡᠮᠵᠢᠶ᠎ᠡ ᠶᠢ ᠭᠤᠣᠯᠳᠠᠯᠭ᠎ᠠ ᠲᠠᠢ ᠪᠠᠭᠠᠰᠬᠠᠨ᠂ ᠨᠡᠭᠦᠷᠡᠰᠦᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠵᠤ᠂ ᠡᠨᠧᠷᠭᠢ ᠶᠢᠨ | ᠰᠤᠷᠪᠤᠯᠵᠢ ᠶᠢᠨ ᠬᠦᠷᠢᠶᠡᠨ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠤ ᠠᠷᠠᠳ ᠤᠨ ᠵᠠᠰᠠᠭ ᠤᠨ | ᠣᠷᠳᠣᠨ︶ | 2. ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ︽ᠭᠤᠷᠪᠠᠨ ᠥᠭᠡᠷᠡᠴᠢᠯᠡᠯᠲᠡ ᠶᠢᠨ ᠬᠤᠯᠪᠤᠭᠠᠯᠠᠨ ᠬᠥᠳᠡᠯᠦᠯᠴᠡᠬᠦ︾ ᠶᠢ ᠠᠬᠢᠭᠤᠯᠵᠤ᠂ ︽ | ᠦᠯᠡᠳᠡᠪᠦᠷᠢ ᠢᠯᠴᠢ +︾ ᠦᠢᠯᠡᠴᠢᠯᠡᠭᠡᠨ ᠤ ᠵᠠᠭᠪᠤᠷ ᠢ ᠪᠠᠶᠢᠭᠤᠯᠤᠨ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠨᠢ 300 ᠭᠷᠡᠮ ᠪᠠᠷᠢᠮᠵᠢᠶ᠎ᠠ | ᠨᠡᠭᠦᠷᠡᠰᠦ/ᠺᠢᠯᠣᠸᠠᠲ ᠴᠠᠭ ᠠᠴᠠ ᠳᠡᠭᠡᠭᠰᠢᠬᠢ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠳᠤ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠬᠤ | ᠥᠭᠡᠷᠡᠴᠢᠯᠡᠯᠲᠡ ᠬᠢᠵᠦ᠂ ᠠᠭᠤᠷ ᠤᠨ ᠲᠦᠷᠪᠢᠨ ᠤ ᠭᠦᠶᠦᠳᠡᠯ ᠨᠡᠪᠲᠡᠷᠡᠭᠦᠯᠬᠦ ᠥᠭᠡᠷᠡᠴᠢᠯᠡᠯᠲᠡ᠂ ᠭᠦᠸᠧᠯᠦ ᠪᠠ ᠠᠭᠤᠷ ᠤᠨ ᠲᠦᠷᠪᠢᠨ ᠤ ᠬᠦᠢᠲᠡᠨ | ᠦᠵᠦᠭᠦᠷ ᠤᠨ ᠦᠯᠡᠳᠡᠪᠦᠷᠢ ᠢᠯᠴᠢ ᠶᠢ ᠭᠦᠨᠵᠡᠭᠡᠢ ᠠᠰᠢᠭᠯᠠᠬᠤ᠂ ᠡᠨᠧᠷᠭᠢ ᠶᠢ ᠱᠠᠲᠤᠯᠠᠨ ᠠᠰᠢᠭᠯᠠᠬᠤ ᠥᠭᠡᠷᠡᠴᠢᠯᠡᠯᠲᠡ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠨᠡᠭᠦᠷᠡᠰᠦ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠠᠮᠢᠳᠤᠯᠢᠭ ᠴᠢᠨᠠᠷᠲᠠᠢ | ᠥᠭᠡᠷᠡᠴᠢᠯᠡᠯᠲᠡ ᠶᠢ ᠠᠬᠢᠭᠤᠯᠵᠤ᠂ ᠲᠣᠣᠷ ᠲᠤ ᠨᠡᠶᠢᠯᠡᠭᠦᠯᠦᠭᠰᠡᠨ ᠥᠪᠡᠷᠲᠡᠭᠡᠨ ᠬᠡᠷᠡᠭᠯᠡᠬᠦ ᠪᠠᠷ ᠪᠡᠯᠡᠳᠬᠡᠭᠰᠡᠨ ᠨᠡᠭᠦᠷᠡᠰᠦ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠰᠢᠰᠲ᠋ᠧᠮ ᠤᠨ ᠣᠷᠭᠢᠯ ᠦᠶ᠎ᠡ ᠶᠢ ᠲᠣᠬᠢᠷᠠᠭᠤᠯᠬᠤ ᠳᠤ ᠣᠷᠤᠯᠴᠠᠬᠤ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ᠰᠢᠨ᠎ᠡ ᠡᠨᠧᠷᠭᠢ ᠶᠢ ᠰᠢᠩᠭᠡᠬᠡᠨ ᠠᠪᠬᠤ ᠬᠡᠷᠡᠭᠵᠢᠭᠦᠯᠬᠦ ᠨᠠᠷᠢᠨ ᠳᠦᠷᠢᠮ ︵ | 2022 ᠣᠨ ᠤ ᠬᠡᠪᠯᠡᠯ︶︾ ︵ᠦᠪᠦᠷ ᠡᠨᠧᠷᠭᠢ ᠰᠢᠨ᠎ᠡ ᠡᠨᠧᠷᠭᠢ ᠥᠰᠥᠭ ﹇2022﹈ 888 ᠳ᠋ᠤᠭᠠᠷ ᠲᠣᠭᠠᠲᠤ︶ ᠢ ᠦᠨᠳᠦᠰᠦᠯᠡᠨ᠂ ᠢᠯᠴᠢ ᠶᠢᠨ | ᠴᠠᠬᠢᠯᠭᠠᠨ ᠤ ᠠᠵᠤ ᠠᠬᠤᠶᠢᠯᠠᠯ ᠳᠤ ᠵᠣᠬᠢᠬᠤ ᠬᠡᠪᠴᠢᠶᠡᠨ ᠤ ᠰᠢᠨ᠎ᠡ ᠡᠨᠧᠷᠭᠢ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠢᠯᠴᠢ ᠶᠢᠨ ᠴᠠᠬᠢᠯᠭᠠᠨ ᠤ ᠠᠵᠤ | ᠠᠬᠤᠶᠢᠯᠠᠯ ᠤᠨ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠬᠤᠲᠠ ᠶᠢᠨ ᠲᠣᠭᠤᠷᠢᠭ ᠲᠤ ᠢᠯᠴᠢ | ᠬᠠᠩᠭᠠᠬᠤ ᠴᠢᠳᠠᠪᠤᠷᠢ ᠶᠢ ᠭᠦᠢᠴᠡᠳ ᠠᠭᠤᠳᠠᠯᠵᠤ᠂ ︽ ᠶᠢᠨ ᠱᠠᠨ ᠤ ᠢᠯᠴᠢ ᠶᠢᠨ ᠰᠤᠷᠪᠤᠯᠵᠢ ᠶᠢ ᠬᠥᠬᠡᠬᠤᠲᠠ ᠳᠤ ᠣᠷᠣᠭᠤᠯᠬᠤ︾ ᠵᠡᠷᠭᠡ ᠭᠤᠣᠯᠳᠠᠯᠭ᠎ᠠ ᠲᠠᠢ | ᠢᠯᠴᠢ ᠴᠠᠬᠢᠯᠭᠠᠨ ᠢ ᠬᠠᠮᠲᠤ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠠᠵᠢᠯᠯᠠᠵᠤ ᠪᠠᠶᠢᠭ᠎ᠠ | ᠢᠯᠴᠢ ᠴᠠᠬᠢᠯᠭᠠᠨ ᠢ ᠬᠠᠮᠲᠤ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ ᠴᠠᠬᠢᠯᠭᠠᠨ ᠤ ᠦᠢᠯᠡᠳᠪᠦᠷᠢ ᠶᠢᠨ | ᠦᠯᠡᠳᠡᠪᠦᠷᠢ ᠢᠯᠴᠢ ᠶᠢ ᠭᠦᠢᠴᠡᠳ ᠬᠤᠷᠢᠶᠠᠨ ᠠᠪᠴᠤ ᠠᠰᠢᠭᠯᠠᠨ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠡᠷᠬᠢᠨ ᠲᠣᠭᠤᠷᠢᠨ ᠢ ᠤᠷᠢᠳᠠᠪᠠᠷ | ᠰᠣᠩᠭᠤᠨ ᠪᠠᠷᠢᠯᠭ᠎ᠠ ᠶᠢᠨ ᠮᠠᠲ᠋ᠧᠷᠢᠶᠠᠯ ᠦᠶᠯᠡᠳᠬᠦ ᠵᠡᠷᠭᠡ ᠬᠥᠳᠡᠯᠭᠡᠭᠦ ᠬᠦᠴᠦᠨ ᠤ ᠡᠬᠢ ᠰᠤᠷᠪᠤᠯᠵᠢ ᠶᠢ ᠬᠡᠷᠡᠭᠰᠡᠬᠦ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠠᠶᠢᠷᠢᠰᠢᠭᠤᠯᠬᠤ ᠶᠢ ᠵᠣᠷᠢᠭᠵᠢᠭᠤᠯᠵᠤ᠂ ᠲᠥᠷᠥᠯ ᠵᠦᠢᠯ ᠳᠤ ᠢᠵᠢ ᠪᠦᠷᠢᠳᠦᠭᠦᠯᠦᠨ ᠭᠦᠸᠧᠯᠦ ᠪᠠᠶᠢᠭᠤᠯᠤᠭᠰᠠᠨ | ᠠᠴᠠ ᠪᠣᠯᠵᠤ ᠡᠨᠧᠷᠭᠢ ᠶᠢᠨ ᠰᠤᠷᠪᠤᠯᠵᠢ ᠶᠢ ᠳᠠᠪᠬᠤᠷᠳᠠᠭᠤᠯᠤᠨ ᠬᠤᠷᠣᠭᠳᠠᠭᠤᠯᠬᠤ ᠠᠴᠠ ᠵᠠᠶᠢᠯᠠᠰᠭᠢᠨ᠎ᠡ᠃ ᠢᠯᠴᠢ ᠶᠢᠨ ᠴᠠᠬᠢᠯᠭᠠᠨ ᠤ ᠠᠵᠤ ᠠᠬᠤᠶᠢᠯᠠᠯ | ᠬᠠᠮᠵᠢᠯᠴᠠᠨ ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠬᠤᠯᠢᠵᠤ ᠰᠢᠲᠠᠭᠠᠬᠤ ᠶᠢ ᠠᠬᠢᠭᠤᠯᠬᠤ ᠶᠢᠨ ᠬᠠᠮᠲᠤ ᠪᠣᠬᠢᠷ ᠰᠢᠪᠠᠷ ᠢ ᠰᠢᠲᠠᠭᠠᠭᠰᠠᠨ | ᠦᠨᠡᠰᠦ ᠰᠢᠭᠠᠷᠤ ᠶᠢ ᠪᠠᠷᠢᠯᠭ᠎ᠠ ᠶᠢᠨ ᠮᠠᠲ᠋ᠧᠷᠢᠶᠠᠯ ᠪᠣᠯᠭᠠᠨ ᠠᠰᠢᠭᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 3. ᠨᠤᠨᠳᠠᠭ ᠨᠡᠭᠦᠷᠡᠰᠦᠨ ᠤ ᠦᠨᠡᠰᠦ ᠪᠠᠷ ᠭᠤᠣᠯᠳᠠᠯᠭ᠎ᠠ ᠪᠣᠯᠭᠠᠨ᠂ ︽ᠨᠢᠭᠡ ᠲᠤᠶᠢᠯ ᠬᠤᠶᠠᠷ ᠪᠦᠰᠡ︾ ᠪᠣᠯᠣᠨ ︽ᠬᠤᠶᠠᠷ ᠬᠦᠷᠢᠶᠡᠯᠡᠩ ᠤᠯᠠᠨ | ᠴᠡᠭ︾ ᠲᠠᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠨᠢᠭᠡ | ᠲᠤᠶᠢᠯ ᠤᠨ ᠴᠡᠭ ᠤᠨ ᠲᠣᠭᠤᠷᠢᠨ ᠳᠤ᠂ ︽ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ | ᠠᠰᠢᠭᠯᠠᠬᠤ ᠠᠵᠤ ᠦᠢᠯᠡᠰ ᠤᠨ ᠲᠥᠪᠯᠡᠷᠡᠭᠰᠡᠨ ᠪᠦᠰᠡ︾ ᠪᠣᠯᠣᠨ ︽ᠨᠡᠭᠦᠷᠡᠰᠦᠨ ᠤ ᠰᠢᠰᠲ᠋ᠧᠮ ᠤᠨ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ | ᠠᠵᠤ ᠦᠢᠯᠡᠰ ᠤᠨ ᠲᠥᠪᠯᠡᠷᠡᠭᠰᠡᠨ ᠪᠦᠰᠡ︾ ᠶᠢ ᠪᠣᠶᠢᠵᠢᠭᠤᠯᠤᠨ᠂ ᠲᠣᠭᠲᠠᠬᠤ ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ | ᠨᠢᠭᠡ ᠲᠤᠶᠢᠯ ᠬᠤᠶᠠᠷ ᠪᠦᠰᠡ︾ ᠶᠢᠨ ᠲᠥᠷᠥᠯ ᠵᠦᠢᠯ ᠤᠨ ᠪᠠᠶᠢᠷᠢᠰᠢᠯ ᠢ ᠪᠤᠢ ᠪᠣᠯᠭᠠᠨ᠎ᠠ᠃ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ | ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠠᠷ ᠭᠤᠣᠯ ᠴᠣᠭᠴᠠ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ︽︿ᠬᠥᠬᠡᠬᠤᠲᠠ ᠶᠢᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠭᠤᠷᠪᠠᠨ ᠵᠢᠯ ᠤᠨ ᠬᠡᠷᠡᠭᠵᠢᠭᠦᠯᠬᠦ ᠲᠥᠰᠥᠯ ︵2022 ︱ 2024 ᠣᠨ︶﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ | ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 25 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠤᠨ᠂ ᠨᠤᠨᠳᠠᠭ ᠨᠡᠭᠦᠷᠡᠰᠦᠨ ᠤ ᠦᠨᠡᠰᠦ᠂ | ᠵᠤᠤᠬᠠᠨ ᠤ ᠰᠢᠭᠠᠷᠤ ᠵᠡᠷᠭᠡ ᠨᠡᠭᠦᠷᠡᠰᠦᠨ ᠤ ᠰᠢᠰᠲ᠋ᠧᠮ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠰᠥᠯ ᠢ ᠨᠠᠶᠢᠷᠠᠭᠤᠯᠤᠨ | ᠵᠣᠬᠢᠶᠠᠬᠤ ᠶᠢ ᠨᠢ ᠠᠬᠢᠭᠤᠯᠤᠨ᠎ᠠ᠃ ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ | ᠠᠵᠤ ᠦᠢᠯᠡᠰ ᠤᠨ ᠲᠥᠪᠯᠡᠷᠡᠭᠰᠡᠨ ᠪᠦᠰᠡ ᠳᠤ ᠲᠦᠰᠢᠭᠯᠡᠨ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠰᠢᠭᠯᠠᠵᠤ᠂ ᠵᠠᠮ ᠤᠨ ᠰᠠᠭᠤᠷᠢ ᠶᠢᠨ ᠮᠠᠲ᠋ᠧᠷᠢᠶᠠᠯ᠂ ᠪᠧᠲ᠋ᠤᠨ᠂ ᠠᠭᠤᠷᠰᠢᠭᠤᠯᠤᠨ ᠳᠠᠷᠤᠰᠢᠭᠤᠯᠤᠭᠰᠠᠨ ᠨᠤᠨᠳᠠᠭ ᠨᠡᠭᠦᠷᠡᠰᠦᠨ ᠤ ᠦᠨᠡᠰᠦᠨ | ᠲᠣᠭᠤᠰᠬ᠎ᠠ᠂ ᠸᠠᠭᠠᠷ ᠤᠨ ᠮᠥᠬᠦᠯᠢᠭ ᠵᠡᠷᠭᠡ ᠶᠢ ᠬᠢᠨ᠎ᠡ᠃ ︽ᠨᠡᠭᠦᠷᠡᠰᠦᠨ ᠤ ᠰᠢᠰᠲ᠋ᠧᠮ ᠤᠨ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠠᠵᠤ | ᠦᠢᠯᠡᠰ ᠤᠨ ᠲᠥᠪᠯᠡᠷᠡᠭᠰᠡᠨ ᠪᠦᠰᠡ︾ ᠪᠠᠷ ᠭᠠᠷᠳᠠᠴᠠ ᠪᠣᠯᠭᠠᠨ᠂ ᠨᠡᠭᠦᠷᠡᠰᠦᠨ ᠴᠢᠯᠠᠭᠤ ᠠᠴᠠ ᠬᠥᠩᠭᠡᠨᠴᠠᠭᠠᠨ ᠤ ᠢᠰᠦᠯ ᠭᠠᠷᠭᠠᠬᠤ᠂ ᠭᠤᠤ ᠯᠢᠩ ᠰᠢᠷᠣᠢ ᠶᠢ | ᠡᠬᠢ ᠪᠠᠶᠠᠯᠢᠭᠵᠢᠭᠤᠯᠬᠤ ᠵᠡᠷᠭᠡ ᠠᠰᠢᠭᠯᠠᠬᠤ ᠠᠷᠭ᠎ᠠ ᠵᠠᠮ ᠢ ᠨᠡᠭᠡᠭᠡᠨ ᠬᠥᠭᠵᠢᠭᠦᠯᠦᠨ᠎ᠡ᠃ ᠲᠣᠭᠲᠠᠬᠤ ᠴᠢᠩ ᠱᠦᠢ ᠾᠧ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠪᠣᠯᠣᠨ ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠭᠤᠣᠯ ᠴᠣᠭᠴᠠ ᠪᠣᠯᠭᠠᠨ᠂ ᠨᠤᠨᠳᠠᠭ | ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ | ᠦᠢᠯᠡᠰ ᠢ ᠣᠷᠣᠭᠤᠯᠵᠤ ᠢᠷᠡᠬᠦ ᠪᠤᠶᠤ ᠪᠣᠶᠢᠵᠢᠭᠤᠯᠵᠤ᠂ ᠪᠠᠷᠠᠭᠤᠨ ᠬᠤᠶᠢᠲᠤ ᠣᠷᠣᠨ ᠤ ᠴᠢᠬᠤᠯᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ | ᠪᠡᠶᠡᠲᠦ ᠬᠠᠶᠠᠭᠳᠠᠮᠠᠯ ᠪᠤᠳᠠᠰ ᠤᠨ ᠣᠷᠣᠨ ᠵᠠᠢ ᠶᠢᠨ ᠲᠠᠷᠬᠠᠯᠲᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤ᠂ ᠴᠢᠩ ᠱᠦᠢ ᠾᠧ ᠰᠢᠶᠠᠨ ᠪᠣᠯᠣᠨ | ᠰᠠᠶᠢᠬᠠᠨ ᠲᠣᠭᠤᠷᠢᠭ ᠵᠡᠷᠭᠡ ᠭᠠᠵᠠᠷ ᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠭᠴᠢ ᠠᠵᠤ | ᠠᠬᠤᠶᠢᠯᠠᠯ ᠢ ᠪᠣᠶᠢᠵᠢᠭᠤᠯᠤᠨ ᠬᠥᠭᠵᠢᠭᠦᠯᠵᠦ᠂ ᠮᠠᠨ ᠤ ᠬᠤᠳᠠ ᠶᠢᠨ ︽ᠬᠤᠶᠠᠷ ᠬᠦᠷᠢᠶᠡᠯᠡᠩ ᠤᠯᠠᠨ ᠴᠡᠭ︾ ᠤᠨ ᠶᠡᠷᠦᠩᠬᠡᠶᠢᠯᠡᠨ ᠠᠰᠢᠭᠯᠠᠬᠤ ᠠᠵᠤ | ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ 2025 ᠣᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠰᠬᠠᠢ ᠠᠵᠤ ᠠᠬᠤᠶᠢᠯᠠᠯ ᠢ 25 ᠬᠦᠷᠭᠡᠵᠦ᠂ ᠵᠢᠯ ᠤᠨ ᠦᠢᠯᠡᠳᠬᠦᠨ ᠤ ᠥᠷᠲᠡᠭ ᠨᠢ 5000 ᠲᠦᠮᠡᠨ | ᠲᠥᠭᠦᠷᠢᠭ ᠢ ᠳᠠᠪᠠᠭ᠋ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠭᠴᠢ ᠠᠵᠤ ᠠᠬᠤᠶᠢᠯᠠᠯ ᠢ | 10 ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠢ᠄ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ | ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | 4. ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠤᠨᠳᠠᠭ ᠨᠡᠭᠦᠷᠡᠰᠦᠨ ᠤ ᠦᠨᠡᠰᠦ ᠶᠢ ᠭᠠᠳᠠᠭᠰᠢ ᠲᠡᠭᠡᠭᠡᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠤᠨᠳᠠᠭ ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ ᠵᠡᠷᠭᠡ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠣᠭᠲᠠᠭᠠᠬᠤ᠂ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ | ᠬᠢᠬᠦ᠂ ᠭᠠᠵᠠᠷ ᠬᠡᠷᠡᠭᠯᠡᠬᠦ ᠪᠠ ᠡᠨᠧᠷᠭᠢ ᠶᠢᠨ ᠬᠤᠷᠣᠭᠳᠠᠯ ᠵᠡᠷᠭᠡ ᠶᠢ ᠬᠢᠨᠠᠨ ᠵᠥᠪᠰᠢᠶᠡᠷᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠬᠤ ᠶᠢ ᠠᠬᠢᠭᠤᠯᠵᠤ᠂ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠤᠷᠢᠳᠠᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠨ ᠤ ᠬᠤᠲᠠ ᠬᠢᠭᠡᠳ ᠪᠡᠭᠡᠵᠢᠩ᠂ | ᠰᠢᠶᠦ᠋ᠩ ᠠᠨ ᠰᠢᠨ᠎ᠡ ᠲᠣᠭᠤᠷᠢᠭ ᠵᠡᠷᠭᠡ ᠪᠡᠭᠡᠵᠢᠩ ᠲᠢᠶᠠᠨᠵᠢᠨ ᠾᠧᠪᠧᠢ ᠶᠢᠨ ᠭᠤᠣᠯᠳᠠᠯᠭ᠎ᠠ ᠲᠠᠢ ᠭᠠᠵᠠᠷ ᠣᠷᠣᠨ ᠲᠠᠢ ᠣᠷᠣᠨ ᠪᠦᠰᠡ ᠠᠯᠤᠰᠯᠠᠨ | ᠬᠠᠮᠵᠢᠯᠴᠠᠨ ᠠᠰᠢᠭᠯᠠᠬᠤ ᠵᠠᠭᠪᠤᠷ ᠪᠠᠶᠢᠭᠤᠯᠬᠤ ᠶᠢ ᠠᠬᠢᠭᠤᠯᠵᠤ᠂ ᠨᠤᠨᠳᠠᠭ ᠨᠡᠭᠦᠷᠡᠰᠦᠨ ᠤ ᠦᠨᠡᠰᠦ ᠶᠢ ᠭᠠᠳᠠᠭᠰᠢ ᠲᠡᠭᠡᠭᠡᠪᠦᠷᠢᠯᠡᠬᠦ ᠳᠤ ᠲᠦᠷᠭᠡᠨ ᠤ ᠵᠠᠮ ᠤᠨ | ᠰᠦᠢᠳᠬᠡᠯ ᠢ ᠥᠯᠥ ᠲᠠᠲᠠᠪᠤᠷᠢᠯᠠᠬᠤ᠂ ᠳᠤᠲᠠᠭᠤ ᠲᠠᠲᠠᠪᠤᠷᠢᠯᠠᠬᠤ ᠪᠣᠬᠢᠷᠲᠤᠯ ᠦᠭᠡᠢ ᠵᠠᠮ ᠬᠠᠷᠢᠯᠴᠠᠭᠠᠨ ᠤ ᠲᠤᠷᠰᠢᠯᠲᠠ ᠶᠢᠨ ᠴᠡᠭ ᠢ ᠢᠳᠡᠪᠬᠢᠲᠡᠢ ᠪᠠᠷ ᠬᠠᠶᠢᠨ | ᠰᠦᠪᠡᠭᠴᠢᠯᠡᠨ᠎ᠡ᠃ ᠨᠤᠨᠳᠠᠭ ᠨᠡᠭᠦᠷᠡᠰᠦᠨ ᠤ ᠦᠨᠡᠰᠦ ᠶᠢᠨ ᠲᠤᠰᠬᠠᠢ ᠴᠤᠪᠤᠭ᠎ᠠ ᠲᠡᠷᠭᠡ ᠶᠢᠨ ︽ᠴᠡᠭ ᠠᠴᠠ ᠴᠡᠭ ᠲᠤ ᠬᠦᠷᠬᠦ᠂ ᠲᠤᠭᠲᠠᠭᠰᠠᠨ ᠦᠨ᠎ᠡ ᠪᠠᠷ | ᠠᠰᠢᠭᠯᠠᠬᠤ︾ ᠵᠠᠭᠪᠤᠷ ᠢ ᠬᠡᠷᠡᠭᠵᠢᠭᠦᠯᠬᠦ ᠶᠢ ᠬᠠᠶᠢᠨ ᠰᠦᠪᠡᠭᠴᠢᠯᠡᠵᠦ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠯᠤᠭ᠎ᠠ ᠨᠤᠨᠳᠠᠭ ᠨᠡᠭᠦᠷᠡᠰᠦᠨ ᠤ ᠦᠨᠡᠰᠦ ᠶᠢ ᠫᠢᠩ ᠬᠦ᠋ ᠥᠷᠳᠡᠭᠡ᠂ ᠰᠢᠥᠢ ᠱᠦᠢ ᠥᠷᠳᠡᠭᠡ᠂ ᠬᠤᠸᠠᠩ ᠬᠤᠸᠠ ᠭᠠᠷᠠᠮ᠂ ᠲᠢᠶᠠᠨᠵᠢᠨ ᠭᠠᠷᠠᠮ᠂ | ᠶᠠᠨᠲ᠋ᠠᠢ ᠭᠠᠷᠠᠮ ᠵᠡᠷᠭᠡ ᠳᠤ ᠳᠡᠭᠡᠭᠡᠪᠦᠷᠢᠯᠡᠵᠦ ᠬᠦᠷᠬᠦ ᠲᠡᠮᠦᠷ ᠵᠠᠮ ᠤᠨ ᠬᠡᠰᠡᠭ ᠤᠨ ᠲᠡᠭᠡᠭᠡᠪᠦᠷᠢ ᠶᠢᠨ ᠵᠠᠷᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠨ᠎ᠠ᠃ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠂ ᠥᠪᠥᠷ ᠮᠣᠩᠭᠤᠯ ᠤᠨ ᠬᠤᠷᠢᠨᠭᠡᠷ ᠤᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠡᠮᠦᠷ ᠵᠠᠮ ᠤᠨ ᠲᠡᠭᠡᠭᠡᠪᠦᠷᠢ ᠶᠢᠨ ᠨᠥᠬᠦᠴᠡᠯ ᠢ | ᠪᠦᠷᠢᠯᠳᠦᠭᠦᠯᠦᠭᠰᠡᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠴᠠᠬᠢᠯᠭᠠᠨ ᠤ ᠦᠢᠯᠡᠳᠪᠦᠷᠢ ᠶᠢᠨ ᠦᠵᠦᠭᠦᠷ ᠤᠨ ᠲᠡᠮᠦᠷ | ᠵᠠᠮ ᠤᠨ ᠪᠣᠭᠤᠳᠠᠯᠯᠠᠬᠤ᠂ ᠠᠴᠢᠶᠠᠯᠠᠵᠤ ᠪᠠᠭᠤᠯᠭᠠᠬᠤ ᠴᠢᠳᠠᠪᠤᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠣᠰ ᠭᠠᠵᠠᠷ ᠤᠨ ᠠᠵᠤ | ᠠᠬᠤᠶᠢᠯᠠᠯ ᠤᠨ ᠰᠢᠦᠢ ᠱᠦᠢ᠂ ᠫᠢᠩ ᠬᠥ᠋ ᠵᠡᠷᠭᠡ ᠪᠠᠷᠠᠭᠠᠨ ᠤ ᠲᠡᠭᠡᠭᠡᠪᠦᠷᠢ ᠶᠢᠨ ᠥᠷᠲᠡᠭᠡ ᠳᠤ ᠬᠦᠷᠴᠦ ᠠᠪᠳᠠᠷ᠎ᠠ ᠵᠠᠳᠠᠯᠬᠤ᠂ ᠳᠠᠮᠵᠢᠭᠤᠯᠤᠨ ᠲᠡᠭᠡᠭᠡᠪᠦᠷᠢᠯᠡᠵᠦ | ᠬᠠᠳᠠᠭᠠᠯᠠᠬᠤ ᠪᠡᠯᠡᠳᠬᠡᠮᠵᠢ ᠶᠢ ᠪᠠᠶᠢᠭᠤᠯᠵᠤ ᠢᠵᠢ ᠪᠦᠷᠢᠳᠦᠭᠦᠯᠬᠦ ᠶᠢ ᠳᠡᠮᠵᠢᠵᠦ᠂ ︽ᠰᠢᠯᠵᠢᠭᠦᠯᠬᠦ ᠥᠪᠡᠷ ᠤᠨ ᠥᠷᠲᠡᠭ︾ ᠢ ᠪᠠᠭᠠᠰᠬᠠᠨ᠎ᠠ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 5. ᠨᠡᠶᠢᠭᠡᠮ ᠤᠨ ᠡᠬᠢ ᠪᠠᠶᠠᠯᠢᠭ ᠢ ᠥᠷᠭᠡᠨ ᠢᠶᠠᠷ ᠬᠡᠷᠡᠭᠯᠡᠵᠦ᠂ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠪᠠᠷ ᠭᠤᠣᠯᠳᠠᠯᠭ᠎ᠠ ᠪᠣᠯᠭᠠᠨ᠂ ᠴᠠᠬᠢᠯᠭᠠᠨ ᠤ | ᠦᠢᠯᠡᠳᠪᠦᠷᠢ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ᠂ | ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠵᠡᠷᠭᠡ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ | ᠬᠤᠯᠪᠣᠭᠰᠠᠨ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠬᠤᠯᠪᠣᠭ᠎ᠠ ᠶᠢ ᠵᠣᠬᠢᠶᠠᠨ ᠪᠠᠶᠢᠭᠤᠯᠤᠨ᠂ ᠵᠠᠩᠭᠢᠯᠠᠭ᠎ᠠ ᠶᠢᠨ ᠠᠰᠢᠭᠯᠠᠬᠤ | ᠰᠢᠢᠳᠪᠦᠷᠢᠯᠡᠬᠦ ᠮᠡᠷᠭᠡᠵᠢᠯ ᠤᠨ ᠤᠷ᠎ᠠ ᠮᠡᠷᠭᠡᠰᠢᠯ᠂ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠢᠴᠢ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠥᠷᠨᠢᠭᠦᠯᠵᠦ᠂ | ᠠᠵᠤ ᠦᠢᠯᠡᠰ ᠤᠨ ᠬᠥᠭᠵᠢᠯᠲᠡ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ | ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠵᠤ᠂ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠦᠢᠯᠡᠳᠬᠦᠨ ᠢ | ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠲᠡᠭᠦᠨ ᠢ ᠬᠤᠳᠠ ᠶᠢᠨ ᠶᠠᠪᠤᠳᠠᠯ᠂ ᠴᠡᠴᠡᠷᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠤᠯᠠᠨ ᠨᠡᠶᠢᠲᠡ ᠶᠢᠨ | ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠶᠢ ᠲᠦᠯᠬᠢᠨ ᠠᠬᠢᠭᠤᠯᠵᠤ᠂ ᠲᠡᠭᠦᠨ ᠤ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢ | ᠠᠭᠠᠵᠢᠮ ᠢᠶᠠᠷ ᠥᠷᠭᠡᠳᠬᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ︶ | ︵ᠭᠤᠷᠪᠠ︶ ᠰᠢᠰᠲ᠋ᠧᠮ ᠲᠠᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠥᠬᠦ | ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠎ᠠ | 1. ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠲᠠᠰ ᠳᠡᠪᠰᠢᠬᠦ ᠶᠢ ᠠᠬᠢᠭᠤᠯᠤᠨ᠎ᠠ᠃ | ᠣᠷᠴᠢᠨ ᠲᠣᠭᠤᠷᠢᠨ ᠤ ᠵᠥᠪᠰᠢᠶᠡᠷᠡᠯ ᠤᠨ ᠲᠠᠯ᠎ᠠ ᠪᠠᠷ ᠬᠢ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠡᠷᠡᠭᠯᠡᠯᠲᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠢᠵᠠᠭᠠᠷᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ᠃ | ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠣᠯᠣᠨ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ | ᠦᠢᠯᠡᠰ ᠢᠶᠠᠷ ᠭᠤᠣᠯᠳᠠᠯᠭ᠎ᠠ ᠪᠣᠯᠭᠠᠨ᠂ ︽ᠡᠨᠧᠷᠭᠢ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ︾ ᠰᠡᠳᠬᠢᠴᠡ ᠪᠠᠷ ᠨᠡᠭᠦᠷᠡᠰᠦ ᠪᠠᠷ ᠬᠢᠮᠢ ᠶᠢᠨ | ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠭᠰᠠᠨ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠳᠣ ᠦᠶ᠎ᠡ ᠶᠢᠨ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠶᠢ ᠲᠡᠰ ᠬᠤᠪᠢᠶᠠᠨ ᠱᠠᠲᠤ ᠬᠤᠪᠢᠶᠠᠨ ᠡᠬᠢ ᠪᠠᠶᠠᠯᠢᠭᠵᠢᠭᠤᠯᠤᠨ ᠠᠰᠢᠭᠯᠠᠬᠤ | ᠵᠢᠴᠢ ᠲᠡᠭᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ ᠵᠦᠢᠯ ᠢ ᠤᠷᠢᠳᠴᠢᠯᠠᠨ ᠪᠠᠶᠢᠷᠢᠰᠢᠭᠤᠯᠤᠨ᠎ᠠ᠃ ᠵᠢᠦ ᠲᠠᠢ ᠶᠢᠨ ᠨᠠᠷᠢᠯᠢᠭ ᠬᠢᠮᠢ ᠶᠢᠨ | ᠪᠣᠳᠠᠰ ᠤᠨ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ ᠴᠣᠭᠴᠠᠵᠢᠭᠤᠯᠬᠤ᠂ ᠰᠢᠦᠢ ᠶᠠᠩ ᠤᠨ ᠬᠡᠦᠷᠰᠢᠭᠦᠯᠦᠨ | ᠤᠰᠤᠲᠥ᠋ᠷᠥᠭᠴᠢ ᠭᠠᠷᠭᠠᠬᠤ᠂ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢ ᠨᠡᠭᠦᠯᠭᠡᠨ ᠥᠭᠡᠷᠡᠴᠢᠯᠡᠬᠦ ᠵᠡᠷᠭᠡ ᠲᠦᠷᠦᠯ ᠵᠦᠢᠯ ᠳᠤ ᠲᠦᠰᠢᠭᠯᠡᠨ᠂ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠪᠤᠰᠤᠳ ᠠᠵᠢᠯ ᠲᠥᠷᠥᠯ ᠤᠨ | ᠳᠡᠭᠡᠳᠦ ᠳᠣᠣᠷᠠᠳᠤ ᠤᠷᠤᠰᠬᠠᠯ ᠯᠤᠭ᠎ᠠ ᠠᠪᠴᠠᠯᠳᠤᠬᠤ ᠶᠢ ᠴᠢᠩᠭᠠᠳᠬᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠳᠡᠭᠡᠳᠦ ᠲᠠᠰ ᠤᠨ | ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠳᠠᠰᠢ ᠤᠷᠲᠤᠳᠬᠠᠬᠤ ᠶᠢ ᠲᠦᠯᠬᠢᠨ ᠠᠬᠢᠭᠤᠯᠵᠤ᠂ | ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ | ᠦᠨᠡᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠵᠢᠦ ᠲᠠᠢ ᠺᠣᠮᠫᠠᠨᠢ ᠶᠢᠨ ᠡᠲ᠋ᠢᠯ ᠬᠤᠶᠠᠷᠴᠢ ᠠᠯᠺᠣᠣᠯ ᠤᠨ ᠢᠵᠢ ᠪᠦᠷᠢᠳᠦᠭᠦᠯᠬᠦ ᠪᠥᠭᠡᠭᠡᠨᠡᠷᠡᠯ ᠡᠰᠲ᠋ᠧᠷ ᠤᠨ | ᠰᠢᠨ᠎ᠡ ᠮᠠᠲ᠋ᠧᠷᠢᠶᠠᠯ ᠪᠠ ᠪᠥᠭᠡᠭᠡᠨᠡᠷᠡᠯ ᠮᠧᠲ᠋ᠢᠯ ᠠᠯᠳᠧᠭᠢᠳ᠋ ᠦᠢᠯᠡᠳᠬᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠷᠭᠠᠬᠤ ᠬᠡᠮᠵᠢᠶ᠎ᠡ ᠪᠠᠷ ᠨᠡᠯᠢᠶᠡᠳ ᠶᠡᠭᠡ | ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠳᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤᠮᠳᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠠᠰᠢᠭᠯᠠᠵᠤ ᠰᠢᠢᠳᠪᠦᠷᠢᠯᠡᠬᠦ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ ︽ᠬᠤᠶᠠᠷ ᠬᠡᠲᠦᠷᠡᠭᠰᠡᠨ ᠬᠤᠶᠠᠷ ᠲᠠᠢ︾᠂ ︽ᠡᠨᠧᠷᠭᠢ ᠶᠢᠨ ᠬᠤᠷᠣᠭᠳᠠᠯ ᠶᠡᠬᠡᠲᠡᠢ︾ | ᠲᠦᠷᠦᠯ ᠤᠨ ᠬᠠᠶᠠᠭᠳᠠᠮᠠᠯ ᠪᠣᠳᠠᠰ ᠭᠠᠷᠭᠠᠬᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠠᠤᠯᠢ ᠶᠣᠰᠣᠭᠠᠷ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ | ᠬᠠᠷᠭᠤᠭᠤᠯᠤᠯᠲᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠬᠠᠶᠠᠭᠳᠠᠮᠠᠯ ᠪᠣᠳᠠᠰ ᠢ ᠠᠵᠤ ᠠᠬᠤᠶᠢᠯᠠᠯ ᠤᠨ ᠳᠣᠲᠣᠭᠠᠳᠤ ᠳᠤ ᠣᠷᠴᠢᠯᠳᠤᠭᠤᠯᠤᠨ ᠬᠡᠷᠡᠭᠯᠡᠬᠦ ᠪᠠ | ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | 2. ᠬᠦᠷᠢᠶᠡᠯᠡᠩ ᠲᠣᠭᠤᠷᠢᠭ ᠤᠨ ᠣᠷᠴᠢᠯᠳᠤᠭᠤᠯᠬᠤ ᠥᠭᠡᠷᠡᠴᠢᠯᠡᠯᠲᠡ ᠶᠢ ᠠᠬᠢᠭᠤᠯᠵᠤ᠂ ᠪᠣᠬᠢᠷᠳᠤᠯ ᠦᠭᠡᠢ ᠦᠶᠯᠡᠳᠬᠦ ᠰᠢᠰᠲ᠋ᠧᠮᠵᠢ ᠶᠢ ᠪᠠᠶᠢᠭᠤᠯᠤᠨ᠎ᠠ | ᠃ ᠲᠤᠭᠲᠠᠬᠤ ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠶᠢᠨ ᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠵᠡᠷᠭᠡ ᠲᠠᠪᠤᠨ ᠶᠡᠭᠡ ᠬᠦᠷᠢᠶᠡᠯᠡᠩ ᠲᠣᠭᠤᠷᠢᠭ ᠤᠨ ᠣᠷᠴᠢᠯᠳᠤᠭᠤᠯᠬᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ | ᠬᠦᠷᠢᠶᠡᠯᠡᠩ ᠲᠣᠭᠤᠷᠢᠭ ᠤᠨ ᠳᠠᠭᠠᠯᠲᠠ ᠪᠦᠲᠦᠭᠡᠭᠳᠡᠬᠦᠨ ᠢ ᠰᠣᠯᠢᠯᠴᠠᠨ ᠠᠰᠢᠭᠯᠠᠬᠤ ᠪᠠ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠶᠢ ᠱᠠᠲᠤᠯᠠᠨ | ᠠᠰᠢᠭᠯᠠᠬᠤ᠂ ᠡᠨᠧᠷᠭᠢ ᠶᠢ ᠴᠢᠨᠠᠷ ᠬᠤᠪᠢᠶᠠᠨ ᠱᠠᠲᠤᠯᠠᠨ ᠠᠰᠢᠭᠯᠠᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠤᠭᠤᠷᠣᠨᠳᠣᠬᠢ ᠪᠠ ᠠᠵᠤ ᠠᠬᠤᠶᠢᠯᠠᠯ ᠤᠨ ᠳᠣᠲᠣᠭᠠᠳᠤ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠦᠷᠢᠶᠡᠯᠡᠩ ᠲᠣᠭᠤᠷᠢᠭ ᠤᠨ ᠳᠣᠲᠣᠷ᠎ᠠ ᠣᠷᠴᠢᠯᠳᠤᠭᠤᠯᠬᠤ ᠪᠠ | ᠥᠪᠡᠰᠦᠪᠡᠨ ᠰᠢᠩᠭᠡᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠪᠣᠬᠢᠷᠳᠤᠯ ᠦᠭᠡᠢ ᠪᠦᠲᠦᠭᠡᠭᠳᠡᠬᠦᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠢᠯᠴᠢ ᠶᠢᠨ | ᠴᠠᠬᠢᠯᠭᠠᠨ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠡᠮ ᠡᠮᠨᠡᠯᠭᠡ ᠵᠡᠷᠭᠡ ᠠᠵᠢᠯ ᠲᠥᠷᠥᠯ ᠳᠤ ᠭᠤᠣᠯᠳᠠᠯᠭ᠎ᠠ ᠲᠠᠢ ᠪᠠᠷ ᠪᠣᠬᠢᠷᠳᠤᠯ | ᠦᠭᠡᠢ ᠦᠢᠯᠡᠳᠪᠦᠷᠢ ᠶᠢ ᠲᠥᠷᠥᠯ ᠬᠤᠪᠢᠶᠠᠨ ᠡᠭᠦᠳᠦᠨ ᠪᠠᠶᠢᠭᠤᠯᠤᠨ᠎ᠠ᠃ ᠨᠥᠬᠦᠴᠡᠯ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ | ᠦᠭᠡᠢ ᠴᠠᠬᠢᠯᠭᠠᠨ ᠤ ᠣᠷᠤᠯᠠᠭᠤᠯᠤᠯᠲᠠ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠤᠭᠤᠷᠣᠨᠳᠤ ᠪᠠᠨ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢᠶᠠᠨ | ᠰᠣᠯᠢᠯᠴᠠᠨ ᠠᠰᠢᠭᠯᠠᠬᠤ ᠶᠢ ᠴᠢᠩᠭᠠᠳᠬᠠᠨ᠂ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠬᠠᠶᠠᠭᠳᠠᠮᠠᠯ ᠢᠯᠴᠢ ᠶᠢᠨ ᠡᠬᠢ ᠪᠠᠶᠠᠯᠢᠭ ᠪᠠ ᠤᠰᠤᠨ ᠤ ᠡᠬᠢ | ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠰᠠᠯᠬᠢ ᠭᠡᠷᠡᠯ ᠤᠨ | ᠴᠠᠬᠢᠯᠭᠠᠨ ᠤ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠮᠠᠲ᠋ᠧᠷᠢᠶᠠᠯ ᠵᠡᠷᠭᠡ ᠠᠵᠢᠯ ᠲᠥᠷᠥᠯ ᠳᠤ ᠨᠢᠭᠡ ᠪᠦᠯᠦᠭ ᠲᠥᠯᠥᠭᠡᠯᠡᠬᠦ ᠴᠢᠨᠠᠷ ᠢᠶᠠᠷ ᠴᠢᠩᠭ᠎ᠠ᠂ | ᠠᠵᠢᠯ ᠲᠥᠷᠥᠯ ᠤᠨ ᠨᠥᠯᠥᠭᠡᠯᠡᠬᠦ ᠬᠦᠴᠦᠨ ᠢᠶᠠᠷ ᠶᠡᠭᠡ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ | ᠪᠣᠶᠢᠵᠢᠭᠤᠯᠤᠨ᠎ᠠ᠃ 2025 ᠣᠨ ᠪᠣᠯᠬᠤ ᠳᠤ᠂ 45ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠳᠤᠯ ᠦᠭᠡᠢ ᠦᠢᠯᠡᠳᠪᠦᠷᠢ ᠶᠢ | ᠡᠭᠦᠳᠦᠨ ᠪᠠᠶᠢᠭᠤᠯᠵᠤ᠂ 3 ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ ᠪᠦᠲᠦᠭᠡᠵᠦ᠂ 3 ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶᠡᠨ ᠤ | ᠠᠵᠤ ᠠᠬᠤᠶᠢᠯᠠᠯ ᠢ ᠪᠣᠶᠢᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 3. ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠨ᠎ᠠ᠃ ᠪᠣᠬᠢᠷᠳᠤᠯ ᠦᠭᠡᠢ ᠮᠥᠩᠭᠦᠨ ᠭᠦᠢᠯᠭᠡᠭᠡ᠂ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢ ᠵᠣᠷᠢᠭᠵᠢᠭᠤᠯᠤᠨ | ᠬᠥᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠳᠠᠬᠢ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠦᠨᠡᠯᠡᠬᠦ | ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠨ ᠠᠰᠢᠭᠯᠠᠭᠰᠠᠨ ᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠱᠠᠲᠤ ᠬᠤᠪᠢᠶᠠᠨ ᠨᠥᠬᠦᠪᠦᠷᠢ ᠥᠭᠬᠦ ᠪᠤᠶᠤ | ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠰ ᠭᠠᠵᠠᠷ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ | ᠰᠢᠨ᠎ᠡ ᠮᠠᠲ᠋ᠧᠷᠢᠶᠠᠯ ᠦᠶᠯᠡᠳᠬᠦ ᠵᠡᠷᠭᠡ ᠠᠵᠤ ᠦᠢᠯᠡᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠪᠠᠷ ᠪᠣᠶ | ᠪᠣᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠬᠡᠶᠢᠵᠢᠭᠦᠯᠦᠭᠰᠡᠨ ᠰᠢᠭᠠᠷᠤ | ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠠᠯᠬᠢᠨ ᠭᠠᠷᠭᠠᠬᠤ ᠮᠠᠰᠢᠨ ᠤ ᠳᠡᠯᠪᠢ᠂ | ᠬᠡᠷᠡᠯ ᠸᠣᠯᠲ ᠤᠨ ᠴᠠᠬᠢᠭᠤᠷ ᠬᠠᠪᠲᠠᠰᠤ ᠶᠢ ᠳᠠᠬᠢᠨ ᠠᠰᠢᠭᠯᠠᠬᠤ ᠮᠡᠷᠭᠡᠵᠢᠯ ᠤᠨ ᠰᠤᠳᠤᠯᠭᠠᠨ ᠢ ᠲᠦᠷᠭᠡᠳᠬᠡᠨ᠎ᠡ᠃ ᠴᠠᠬᠢᠯᠠᠭᠤᠷ ᠴᠢᠯᠠᠭᠤ ᠶᠢᠨ ᠰᠢᠭᠠᠷᠤ ᠪᠠᠷ | ᠴᠣᠬᠤᠢ ᠶᠢᠨ ᠴᠢᠯᠠᠭᠤ ᠶᠢ ᠣᠷᠣᠯᠠᠭᠤᠯᠤᠨ ᠬᠦᠬᠦᠷ ᠦᠭᠡᠶᠢᠳᠡᠭᠦᠯᠦᠨ ᠠᠰᠢᠭᠯᠠᠬᠤ ᠶᠢ ᠳᠡᠯᠭᠡᠷᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠬᠠᠳᠠᠭᠠᠯᠠᠭᠳᠠᠴᠠ ᠶᠢ ᠪᠠᠭᠠᠰᠬᠠᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 4. ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠬᠠᠳᠠᠭᠠᠯᠠᠵᠤ | ᠰᠢᠢᠳᠪᠦᠷᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ | ᠥᠪᠡᠷᠲᠡᠭᠡᠨ ᠪᠠᠶᠢᠭᠤᠯᠤᠭᠰᠠᠨ ᠵᠢᠵᠢᠭ ᠬᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ ᠢ ᠬᠠᠭᠠᠭᠰᠠᠨ ᠤ ᠳᠠᠷᠠᠭ᠎ᠠ᠂ ᠵᠠᠷᠴᠢᠮ | ᠳᠡᠭᠡᠷ᠎ᠡ ᠪᠠᠨ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ ᠢ ᠲᠤᠰᠠᠭᠠᠷ ᠬᠢᠨᠠᠨ ᠵᠥᠪᠰᠢᠶᠡᠷᠡᠬᠦ ᠦᠭᠡᠢ᠂ | ᠰᠢᠢᠳᠪᠦᠷᠢᠯᠡᠬᠦ ᠴᠢᠳᠠᠪᠤᠷᠢ ᠶᠢ ᠬᠦᠷᠢᠶᠡᠯᠡᠩ ᠲᠣᠭᠤᠷᠢᠭ ᠠᠴᠠ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ᠨᠤᠨᠳᠠᠭ ᠨᠡᠭᠦᠷᠡᠰᠦᠨ ᠤ ᠦᠨᠡᠰᠦ᠂ | ᠬᠦᠬᠦᠷ ᠦᠭᠡᠶᠢᠳᠡᠭᠦᠯᠦᠭᠰᠡᠨ ᠵᠤᠭᠠᠩ ᠵᠡᠷᠭᠡ ᠠᠳᠠᠯᠢ ᠪᠤᠰᠤ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠣᠷᠣᠨ ᠬᠤᠪᠢᠶᠠᠨ ᠬᠠᠳᠠᠭᠠᠯᠠᠵᠤ ᠰᠢᠢᠳᠪᠦᠷᠢᠯᠡᠬᠦ ᠶᠢ | ᠲᠦᠯᠬᠢᠨ ᠠᠬᠢᠭᠤᠯᠵᠤ᠂ ᠳᠠᠷᠠᠭᠠᠴᠢ ᠪᠠᠷ ᠨᠡᠭᠡᠭᠡᠨ ᠬᠥᠭᠵᠢᠭᠦᠯᠬᠦ ᠲᠠᠬᠢᠨ ᠮᠠᠯᠲᠠᠬᠤ ᠠᠰᠢᠭᠯᠠᠬᠤ ᠳᠤ ︽ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ | ᠬᠠᠶᠠᠭᠳᠠᠮᠠᠯ ᠪᠤᠳᠠᠰ ᠢ ᠬᠠᠳᠠᠭᠠᠯᠠᠬᠤ ᠪᠠ ᠪᠤᠯᠠᠬᠤ ᠪᠣᠬᠢᠷᠳᠤᠯ ᠢ ᠬᠢᠵᠠᠭᠠᠷᠯᠠᠬᠤ ᠪᠠᠷᠢᠮᠵᠢᠶ᠎ᠠ︾ ︵GB18599—2020︶ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ ᠲᠠᠬᠢᠨ ᠮᠠᠯᠲᠠᠬᠤ ᠪᠠ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠬᠥᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠶᠢ ᠲᠤᠰᠠᠭᠠᠷ ᠨᠢ ᠣᠷᠣᠨ ᠬᠤᠪᠢᠶᠠᠨ ᠬᠠᠳᠠᠭᠠᠯᠠᠵᠤ᠂ ᠮᠠᠨ ᠤ ᠤᠯᠤᠰ ᠤᠨ ᠬᠥᠩᠭᠡᠨᠴᠠᠭᠠᠨ ᠤ ᠡᠬᠢ | ᠪᠠᠶᠠᠯᠢᠭ ᠤᠨ ᠠᠶᠤᠯᠭᠦᠢ ᠶᠢᠨ ᠵᠠᠭᠠᠭ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠵᠤ ᠦᠢᠯᠡᠳᠪᠦᠷᠢ ᠶᠢᠨ | ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠬᠤ ᠪᠠ ᠪᠤᠯᠠᠬᠤ ᠪᠣᠬᠢᠷᠳᠤᠯ ᠢ ᠬᠢᠵᠠᠭᠠᠷᠯᠠᠬᠤ ᠪᠠᠷᠢᠮᠵᠢᠶ᠎ᠠ︾ ᠲᠠᠢ ᠬᠠᠷᠢᠴᠠᠭᠤᠯᠤᠨ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠲᠦᠭᠰᠢᠭᠦᠷᠢ ᠶᠢ ᠦᠨᠡᠯᠡᠨ ᠵᠢᠱᠢᠵᠦ᠂ ᠬᠠᠳᠠᠭᠠᠯᠠᠵᠤ | ᠰᠢᠢᠳᠪᠦᠷᠢᠯᠡᠬᠦ ᠪᠡᠯᠡᠳᠬᠡᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | 5. ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠴᠢᠨ ᠲᠣᠭᠤᠷᠢᠨ ᠤ ᠠᠰᠠᠭᠤᠳᠠᠯ ᠢ | ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠭᠤᠷᠬᠠᠢ ᠶᠢᠨ ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠪᠠᠶᠢᠴᠠᠭᠠᠯᠲᠠ ᠵᠡᠷᠭᠡ ᠬᠠᠮᠢᠶ᠎ᠠ ᠪᠦᠬᠦᠢ ᠠᠵᠢᠯ ᠲᠠᠢ ᠤᠶᠠᠯᠳᠤᠭᠤᠯᠤᠨ᠂ ᠳᠠᠭᠠᠭᠤᠯᠢ ᠣᠳᠣᠨ ᠤ ᠠᠯᠤᠰ ᠰᠡᠷᠡᠯ ᠤᠨ | ᠲᠤᠬᠠᠢ ᠶᠢᠨ ᠲᠠᠯᠠᠪᠤᠷ ᠤᠨ ᠪᠤᠰᠤ ᠵᠢᠭᠰᠠᠭᠠᠨ ᠪᠠᠶᠢᠴᠠᠭᠠᠬᠤ ᠠᠷᠭ᠎ᠠ ᠪᠠᠷᠢᠯ ᠢ ᠭᠦᠢᠴᠡᠳ ᠠᠰᠢᠭᠯᠠᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠴᠢᠨ | ᠲᠣᠭᠤᠷᠢᠨ ᠤ ᠠᠰᠠᠭᠤᠳᠠᠯ ᠢ ᠲᠦᠷᠭᠡᠨ ᠣᠶᠢᠯᠠᠭᠠᠨ᠎ᠠ᠃ ᠲᠡᠦᠬᠡ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠥᠷᠥᠯ ᠵᠦᠢᠯ᠂ | ᠬᠠᠳᠠᠭᠠᠯᠠᠬᠤ ᠠᠷᠭ᠎ᠠ ᠮᠠᠶ᠋ᠢᠭ᠂ ᠣᠷᠴᠢᠨ ᠲᠣᠭᠤᠷᠢᠨ ᠤ ᠣᠳᠣᠬᠢ ᠪᠠᠶᠢᠳᠠᠯ᠂ ᠬᠠᠷᠢᠭᠤᠴᠠᠯᠭ᠎ᠠ ᠶᠢᠨ ᠭᠤᠣᠯ ᠴᠣᠭᠴᠠ᠂ ᠡᠷᠬᠢᠨ ᠲᠣᠭᠤᠷᠢᠨ ᠤ ᠣᠷᠴᠢᠨ | ᠲᠣᠭᠤᠷᠢᠨ ᠤ ᠰᠡᠷᠭᠡᠭ ᠤᠨ ᠬᠡᠮᠵᠢᠶ᠎ᠡ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠬᠢᠭᠡᠳ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢ ᠲᠠᠰ ᠲᠥᠷᠥᠯ ᠬᠤᠪᠢᠶᠠᠨ ᠴᠡᠭᠴᠡᠯᠡᠨ | ᠰᠠᠶᠢᠵᠢᠷᠠᠭᠤᠯᠬᠤ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ | ᠪᠣᠯᠭᠠᠬᠤ ᠪᠠᠷ ᠵᠠᠷᠴᠢᠮ ᠪᠣᠯᠭᠠᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ | ᠂ ︽ᠨᠢᠭᠡ ᠲᠠᠯᠠᠪᠠᠢ ᠳᠤ ᠨᠢᠭᠡ ᠪᠣᠳᠣᠯᠭ᠎ᠠ︾ ᠶᠢᠨ ᠵᠠᠰᠠᠯᠲᠠ ᠶᠢ ᠬᠡᠷᠡᠭᠵᠢᠭᠦᠯᠦᠨ᠎ᠡ᠃ ᠦᠴᠦᠸᠠᠨ ᠰᠢᠶᠠᠨ᠂ ᠰᠢᠨ᠎ᠡ ᠬᠤᠳᠠ ᠲᠣᠭᠤᠷᠢᠭ ᠵᠡᠷᠭᠡ ᠶᠢᠨ ᠲᠠᠯᠠᠨ | ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠶᠢᠷ᠎ᠠ | ᠬᠠᠪᠢ ᠳᠠᠭᠠᠨ ᠠᠰᠢᠭᠯᠠᠨ᠂ ᠭᠤᠣᠯᠯᠠᠬᠤ ᠮᠠᠲ᠋ᠧᠷᠢᠶᠠᠯ ᠪᠠ ᠵᠠᠮ ᠤᠨ ᠰᠠᠭᠤᠷᠢ ᠮᠠᠲ᠋ᠧᠷᠢᠶᠠᠯ ᠦᠢᠯᠡᠳᠴᠦ ᠮᠤᠵᠢ ᠶᠢᠨ ᠵᠠᠮ ᠢ ᠥᠷᠭᠡᠳᠬᠡᠨ ᠪᠠᠶᠢᠭᠤᠯᠬᠤ ᠵᠡᠷᠭᠡ | ᠭᠤᠣᠯᠳᠠᠯᠭ᠎ᠠ ᠲᠠᠢ ᠪᠠᠷᠢᠯᠭ᠎ᠠ ᠳᠤ ᠬᠡᠷᠡᠭᠯᠡᠬᠦ ᠶᠢ ᠲᠡᠮᠵᠢᠨ᠎ᠠ᠃ ᠬᠦᠳᠡᠷ ᠤᠨ ᠰᠢᠭᠠᠷᠤ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠰᠢᠭᠠᠷᠤ ᠶᠢᠨ ᠬᠦᠬᠦᠷ | ᠦᠭᠡᠶᠢᠳᠡᠭᠦᠯᠦᠭᠰᠡᠨ ᠵᠤᠭᠠᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠪᠤᠯᠠᠬᠤ ᠳᠠᠶᠢᠯᠠᠨ ᠲᠡᠭᠰᠢᠯᠡᠬᠦ ᠶᠢ ᠲᠦᠯᠬᠢᠨ ᠠᠬᠢᠭᠤᠯᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢᠨ ᠠᠮᠢ ᠠᠬᠤᠢ ᠶᠢ ᠰᠡᠯᠪᠢᠨ ᠰᠡᠷᠭᠦᠭᠡᠬᠦ ᠠᠵᠢᠯ ᠢ ᠥᠷᠨᠢᠭᠦᠯᠦᠨ᠎ᠡ᠃ ᠳ᠋ᠦᠩ ᠭᠧᠦ ᠮᠧᠨ | ᠲᠣᠰᠬᠤᠨ ᠤ ᠡᠵᠡᠨ ᠦᠭᠡᠢ ᠬᠦᠳᠡᠷ ᠤᠨ ᠰᠢᠭᠠᠷᠤ ᠶᠢᠨ ᠬᠥᠮᠥᠷᠭᠡ ᠶᠢᠨ ︽ᠬᠠᠶᠠᠭᠳᠠᠮᠠᠯ ᠪᠣᠳᠠᠰ ᠢ ᠴᠡᠪᠡᠷᠯᠡᠵᠦ ᠳᠠᠩᠰᠠᠨ ᠠᠴᠠ ᠭᠠᠷᠭᠠᠬᠤ︾ ᠵᠢᠱᠢᠶ᠎ᠡ | ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠰᠢᠨ᠎ᠡ ᠬᠤᠲᠠ ᠲᠣᠭᠤᠷᠢᠭ᠂ ᠬᠤᠷᠢᠨᠭᠡᠷ ᠰᠢᠶᠠᠨ᠂ ᠴᠢᠩ ᠱᠦᠢ | ᠾᠧ ᠰᠢᠶᠠᠨ ᠢ ᠰᠣᠩᠭᠤᠵᠤ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢ ᠵᠠᠰᠠᠵᠤ ᠰᠡᠷᠭᠦᠭᠡᠭᠰᠡᠨ ᠨᠡᠶᠢᠲᠡᠯᠢᠭ ᠵᠢᠱᠢᠶ᠎ᠡ | ᠦᠵᠡᠭᠦᠯᠬᠦ ᠲᠥᠷᠥᠯ ᠵᠦᠢᠯ ᠢ ᠪᠦᠲᠦᠭᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ | ᠲᠣᠪᠴᠢᠶ᠎ᠠ᠂ ᠦᠴᠦᠸᠠᠨ ᠰᠢᠶᠠᠨ᠂ ᠰᠢᠨ᠎ᠡ ᠬᠤᠲᠠ ᠲᠣᠭᠤᠷᠢᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶ | ︵ᠳᠥᠷᠪᠡ︶ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯᠲᠤ ᠰᠦ ᠶᠢᠨ ᠦᠢᠯᠡᠰ ᠢ ᠬᠥᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ | 1. ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠮᠠᠯ ᠠᠵᠤ ᠠᠬᠤᠢ ᠶᠢᠨ | ᠣᠷᠣᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠭᠰᠠᠨ᠂ ᠳᠠᠷᠢᠵᠤ ᠲᠡᠵᠢᠭᠡᠬᠦ ᠶᠢ | ᠣᠷᠴᠢᠯᠳᠤᠭᠤᠯᠤᠭᠰᠠᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠎ᠠ᠃ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠪᠣᠯᠣᠨ | ᠰᠠᠶᠢᠬᠠᠨ ᠲᠣᠭᠤᠷᠢᠭ ᠵᠡᠷᠭᠡ ᠳᠤᠮᠳᠠ ᠬᠡᠰᠡᠭ ᠤᠨ ᠭᠠᠵᠠᠷ ᠣᠷᠣᠨ ᠳᠤ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠦᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠴᠢᠨᠠᠷ ᠰᠠᠶᠢᠲᠠᠢ | ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ ᠢᠵᠢ ᠪᠦᠷᠢᠳᠦᠭᠦᠯᠵᠦ᠂ ᠲᠠᠷᠢᠵᠤ ᠲᠡᠵᠢᠭᠡᠬᠦ ᠶᠢ ᠣᠷᠴᠢᠯᠳᠤᠭᠤᠯᠬᠤ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠤᠨ᠎ᠠ︔ ᠦᠴᠦᠸᠠᠨ ᠰᠢᠶᠠᠨ ᠳᠤ ᠨᠣᠬᠠᠢ ᠶᠢᠨ ᠬᠤᠰᠢᠭᠤ ᠵᠡᠷᠭᠡ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠬᠥᠲᠥᠯᠥᠨ ᠵᠢᠯᠤᠭᠤᠳᠴᠤ᠂ ᠤᠮᠠᠷᠠᠲᠤ ᠬᠡᠰᠡᠭ ᠤᠨ ᠳᠠᠷᠢᠵᠤ ᠲᠡᠵᠢᠭᠡᠬᠦ ᠨᠥᠬᠦᠪᠦᠷᠢ ᠶᠢᠨ ᠣᠷᠣᠨ ᠢ ᠪᠠᠶᠢᠭᠤᠯᠤᠨ᠎ᠠ︔ ᠴᠢᠩ ᠱᠦᠢ ᠾᠧ ᠰᠢᠶᠠᠨ᠂ ᠬᠤᠷᠢᠨᠭᠡᠷ | ᠰᠢᠶᠠᠨ ᠤ ᠬᠤᠶᠢᠲᠤ ᠬᠡᠰᠡᠭ ᠵᠡᠷᠭᠡ ᠠᠭᠤᠯᠠᠷᠬᠠᠭ ᠣᠷᠣᠨ ᠳᠤ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠣᠨᠴᠠᠯᠢᠭᠲᠤ ᠲᠡᠵᠢᠭᠡᠨ ᠦᠷᠡᠵᠢᠭᠦᠯᠬᠦ ᠲᠣᠭᠤᠷᠢᠭ ᠢ ᠪᠠᠶᠢᠭᠤᠯᠤᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠠᠰ ᠳᠡᠪᠰᠢᠭᠦᠯᠬᠦ ᠪᠦᠲᠦᠭᠡᠨ | ᠪᠠᠶᠢᠭᠤᠯᠤᠯᠲᠠ ᠳᠤ ᠲᠤᠰᠠᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠰᠠᠶᠢᠬᠠᠨ ᠲᠣᠭᠤᠷᠢᠭ᠂ ᠦᠴᠦᠸᠠᠨ ᠰᠢᠶᠠᠨ᠂ ᠴᠢᠩ ᠱᠦᠢ ᠾᠧ | ᠰᠢᠶᠠᠨ ᠤ ᠠᠷᠠᠳ ᠤᠨ ᠵᠠᠰᠠᠭ ᠤᠨ ᠣᠷᠳᠣᠨ︶ | 2. ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠵᠤ᠂ ᠲᠡᠵᠢᠭᠡᠨ ᠦᠷᠡᠵᠢᠭᠦᠯᠬᠦ ᠦᠢᠯᠡᠰ ᠤᠨ ᠳᠣᠣᠷ᠎ᠠ | ᠨᠡᠭᠦᠷᠡᠰᠦᠳᠦ᠋ᠷᠦᠭᠴᠢᠲᠦ ᠬᠥᠭᠵᠢᠯᠲᠡ ᠶᠢ ᠠᠬᠢᠭᠤᠯᠤᠨ᠎ᠠ᠃ ᠲᠡᠵᠢᠭᠡᠯ ᠪᠣᠷᠳᠣᠭᠠᠨ ᠤ ᠨᠡᠮᠡᠯᠲᠡ ᠡᠳ᠋ ᠪᠠ ᠣᠨᠣᠪᠴᠢᠲᠠᠢ ᠲᠡᠵᠢᠭᠡᠬᠦ ᠨᠠᠶᠢᠷᠠᠯᠭ᠎ᠠ ᠶᠢᠨ | ᠬᠠᠮᠢᠶᠠᠷᠤᠯᠲᠠ ᠶᠢ ᠰᠢᠯᠢᠳᠡᠭᠵᠢᠭᠦᠯᠬᠦ ᠶᠢᠨ ᠬᠠᠮᠲᠤ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠭᠤᠭᠴᠣᠭᠠᠨ ᠳᠤ ᠨᠡᠭᠦᠷᠡᠰᠦᠲᠥ᠋ᠷᠥᠭᠴᠢ ᠶᠢ ᠳᠣᠣᠷ᠎ᠠ ᠪᠣᠯᠭᠠᠵᠤ | ᠭᠠᠳᠠᠭᠰᠢᠯᠠᠭᠤᠯᠬᠤ ᠶᠢ ᠪᠠᠭᠠᠰᠬᠠᠨ᠎ᠠ᠃ ᠮᠠᠯᠵᠢᠯ ᠤᠨ ᠲᠠᠯᠠᠪᠠᠶ ᠶᠢᠨ ᠴᠡᠪᠡᠷ ᠡᠨᠧᠷᠭᠢ ᠶᠢᠨ ᠠᠰᠢᠭᠯᠠᠯᠲᠠ ᠶᠢ ᠠᠬᠢᠭᠤᠯᠵᠤ᠂ ᠨᠥᠬᠦᠴᠡᠯ ᠲᠠᠢ ᠮᠠᠯᠵᠢᠯ ᠤᠨ ᠲᠠᠯᠠᠪᠠᠢ | ᠨᠠᠮᠤᠭ ᠤᠨ ᠬᠡᠢ ᠶᠢᠨ ᠪᠠᠷᠢᠯᠭ᠎ᠠ ᠪᠠᠶᠢᠭᠤᠯᠬᠤ ᠶᠢ ᠳᠡᠮᠵᠢᠨ᠎ᠡ᠃ ᠡᠰᠢ ᠰᠦᠷᠡᠯ ᠵᠡᠷᠭᠡ ᠠᠮᠢᠳᠤ ᠪᠣᠳᠠᠰ ᠤᠨ ᠴᠢᠨᠠᠷᠲᠠᠢ ᠴᠡᠪᠡᠷ ᠲᠦᠯᠡᠰᠢ ᠶᠢ ᠳᠡᠯᠭᠡᠷᠡᠭᠦᠯᠵᠦ᠂ ︽ | ᠠᠮᠢᠳᠤ ᠪᠣᠳᠠᠰ ᠤᠨ ᠴᠢᠨᠠᠷᠲᠠᠢ ᠲᠦᠯᠡᠰᠢ + ᠠᠮᠢᠳᠤ ᠪᠣᠳᠠᠰ ᠤᠨ ᠴᠢᠨᠠᠷᠲᠠᠢ ᠲᠦᠯᠡᠰᠢᠰᠢᠲᠠᠭᠠᠬᠤ ᠭᠦᠸᠧᠯᠦ︾ ᠶᠢ ᠲᠡᠵᠢᠭᠡᠨ ᠦᠷᠡᠵᠢᠭᠦᠯᠬᠦ ᠬᠦᠷᠢᠶᠡᠨ ᠳᠤ | ᠳᠡᠯᠭᠡᠷᠡᠭᠦᠯᠦᠨ ᠠᠰᠢᠭᠯᠠᠵᠤ᠂ ︽ᠴᠢᠨᠠᠷ ᠮᠠᠭᠤ ᠨᠡᠭᠦᠷᠡᠰᠦ + ᠨᠡᠭᠦᠷᠡᠰᠦ ᠰᠢᠲᠠᠭᠠᠬᠤ ᠭᠦᠸᠧᠯᠦ︾ ᠶᠢ ᠣᠷᠣᠯᠠᠭᠤᠯᠤᠨ᠎ᠠ᠃ ᠪᠡᠯᠴᠢᠭᠡᠷ ᠤᠨ ᠬᠡᠷᠡᠯ ᠴᠡᠨᠡᠭ ᠤᠨ | ᠡᠨᠧᠷᠭᠢ ᠶᠢᠨ ᠠᠰᠢᠭᠯᠠᠯᠲᠠ ᠶᠢ ᠠᠬᠢᠭᠤᠯᠵᠤ᠂ ᠬᠢᠮᠢ ᠴᠢᠯᠠᠭᠤᠨ ᠲᠣᠰᠣᠨ ᠤ ᠡᠨᠧᠷᠭᠢ ᠶᠢᠨ ᠠᠰᠢᠭᠯᠠᠯᠲᠠ ᠶᠢ ᠪᠠᠭᠠᠰᠬᠠᠨ᠎ᠠ᠃ ᠬᠤᠣᠷ ᠦᠭᠡᠶᠢᠳᠡᠭᠦᠯᠦᠨ | ᠰᠢᠢᠳᠪᠦᠷᠢᠯᠡᠬᠦ ᠠᠵᠤ ᠠᠬᠤᠶᠢᠯᠠᠯ ᠢ ᠣᠷᠣᠭᠤᠯᠵᠤ ᠢᠷᠡᠬᠦ ᠶᠢ ᠲᠦᠷᠭᠡᠳᠬᠡᠵᠦ᠂ ᠮᠠᠯ ᠵᠢᠭᠦᠷᠲᠡᠨ ᠤ ᠢᠯᠭᠠᠳᠠᠰᠤ ᠶᠢ ᠨᠡᠭᠦᠷᠡᠰᠦᠲᠥ᠋ᠷᠥᠭᠴᠢ ᠪᠠᠭ᠎ᠠ ᠡᠬᠢ | ᠪᠠᠶᠠᠯᠢᠭᠵᠢᠭᠤᠯᠤᠨᠠᠰᠢᠭᠯᠠᠬᠤ ᠶᠢ ᠬᠠᠶᠢᠨ ᠰᠦᠪᠡᠭᠴᠢᠯᠡᠨ᠂ ᠣᠷᠭᠠᠨᠢᠭ ᠪᠣᠷᠳᠣᠭᠤᠷ ᠡᠳ᠋ᠰᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠠᠲᠠᠭᠤ ᠪᠡᠶᠡᠲᠦ | ᠪᠣᠷᠳᠣᠭᠤᠷ ᠪᠠ ᠰᠢᠩᠭᠡᠨ ᠪᠡᠶᠡᠲᠦ ᠪᠣᠷᠳᠣᠭᠤᠷ ᠢ ᠦᠢᠯᠡᠳᠪᠦᠷᠢᠯᠡᠵᠦ᠂ ᠲᠡᠭᠡᠭᠡᠪᠦᠷᠢ ᠶᠢᠨ ᠥᠪᠡᠷ ᠤᠨ ᠥᠷᠲᠡᠭ ᠬᠢᠭᠡᠳ ᠡᠬᠢ ᠪᠠᠶᠠᠯᠢᠭ ᠢ ᠪᠦᠷᠢᠯᠭᠡᠬᠦ ᠶᠢ | ᠪᠠᠭᠠᠰᠬᠠᠨ᠎ᠠ᠃ ︵ ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 3. ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠭ᠎ᠠ ᠪᠠᠷ ᠲᠡᠵᠢᠭᠡᠬᠦ ᠶᠢ ᠠᠬᠢᠭᠤᠯᠤᠨ᠎ᠠ᠃ | ᠡᠰᠢ ᠰᠦᠷᠡᠯ ᠢ ᠬᠤᠷᠢᠶᠠᠨ ᠵᠥᠭᠡᠭᠡᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠰᠢ ᠰᠦᠷᠡᠯ ᠢ ᠬᠤᠷᠢᠶᠠᠨ ᠴᠤᠭᠯᠠᠭᠤᠯᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠡᠰᠢ ᠰᠦᠷᠡᠯ ᠢ ᠥᠨᠳᠥᠷ ᠥᠷᠲᠡᠭ ᠲᠠᠢ ᠪᠣᠯᠭᠠᠨ᠂ ᠬᠡᠪᠴᠢᠶᠡᠵᠢᠭᠦᠯᠦᠨ ᠠᠰᠢᠭᠯᠠᠬᠤ ᠵᠢᠱᠢᠶ᠎ᠡ ᠦᠵᠡᠭᠦᠯᠬᠦ ᠶᠢ ᠲᠦᠷᠭᠡᠳᠬᠡᠨ ᠠᠬᠢᠭᠤᠯᠵᠤ | ᠂ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠬᠤ ᠶᠢ ᠶᠡᠬᠡᠪᠡᠷ ᠳᠡᠯᠭᠡᠷᠡᠭᠦᠯᠦᠨ᠂ ᠡᠰᠢ ᠰᠦᠷᠡᠯ ᠢ ᠨᠣᠭᠤᠭᠠᠨ ᠢᠶᠠᠷ ᠳᠠᠷᠤᠰᠢᠭᠤᠯᠬᠤ᠂ ᠰᠢᠪᠲᠤᠷᠵᠢᠭᠤᠯᠬᠤ᠂ | ᠢᠰᠬᠡᠵᠦ ᠳᠠᠷᠤᠰᠢᠭᠤᠯᠬᠤ᠂ ᠬᠡᠰᠡᠭᠯᠡᠵᠦ ᠪᠣᠭᠤᠳᠠᠯᠯᠠᠬᠤ᠂ ᠰᠢᠷᠬᠡᠭᠯᠡᠬᠦ ᠵᠡᠷᠭᠡ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠮᠡᠷᠭᠡᠵᠢᠯ ᠢ | ᠭᠤᠣᠯᠳᠠᠯᠭ᠎ᠠ ᠲᠠᠢ ᠠᠬᠢᠭᠤᠯᠤᠨ᠎ᠠ᠃ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ᠂ ᠬᠡᠪᠴᠢᠶᠡᠵᠢᠯ ᠲᠠᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠰᠢ | ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠵᠣᠬᠢᠶᠠᠨ ᠪᠠᠶᠢᠭᠤᠯᠤᠯᠲᠠ ᠲᠠᠢ ᠵᠠᠬᠢᠶᠠᠯᠠᠭ᠎ᠠ ᠪᠠᠷ ᠬᠤᠳᠠᠯᠳᠤᠨ ᠠᠪᠬᠤ ᠵᠡᠷᠭᠡ ᠪᠠᠶᠢᠩᠭᠤ ᠶᠢᠨ | ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 4. ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠡᠵᠢᠭᠡᠬᠦ ᠪᠠᠷ ᠲᠠᠷᠢᠶᠠᠯᠠᠭ᠎ᠠ ᠶᠢ | ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠳᠤ ᠲᠣᠬᠢᠷᠠᠬᠤ ᠵᠠᠭᠪᠤᠷ ᠢ | ᠶᠡᠬᠡᠪᠡᠷ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠤᠨ | ᠵᠢᠯᠣᠭᠤᠳᠤᠯᠭ᠎ᠠ ᠶᠢ ᠴᠢᠩᠭᠠᠳᠬᠠᠨ᠎ᠠ᠃ ᠪᠥᠬᠦ ᠬᠤᠲᠠ ᠶᠢᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ | ᠲᠠᠯᠠᠪᠠᠶ ᠶᠢᠨ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ ᠥᠭᠡᠷᠡᠴᠢᠯᠡᠵᠦ᠂ ︽ᠨᠢᠭᠡ ᠲᠠᠯᠠᠪᠠᠢ ᠳᠤ ᠨᠢᠭᠡ | ᠠᠷᠭ᠎ᠠ ᠪᠣᠳᠣᠯᠭ᠎ᠠ︾ ᠶᠢᠨ ᠵᠠᠷᠴᠢᠮ ᠶᠣᠰᠣᠭᠠᠷ᠂ ᠲᠣᠮᠣ ᠬᠡᠯᠪᠡᠷᠢ ᠶᠢᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ | ᠬᠦᠴᠢᠯᠲᠥ᠋ᠷᠥᠭᠴᠢ ᠵᠢᠭᠰᠢᠬᠦ᠂ ᠬᠦᠴᠢᠯᠲᠥ᠋ᠷᠥᠭᠴᠢ ᠳᠤᠷᠠᠰᠢᠶᠠᠬᠤ ᠢᠰᠬᠡᠬᠦ ᠪᠣᠯᠪᠠᠰᠤᠷᠠᠩᠭᠤᠢ ᠤᠷ᠎ᠠ ᠮᠡᠷᠭᠡᠰᠢᠯ ᠢ ᠬᠡᠷᠡᠭᠯᠡᠬᠦ ᠶᠢ ᠵᠣᠷᠢᠭᠵᠢᠭᠤᠯᠵᠤ᠂ ᠨᠠᠮᠤᠭ ᠤᠨ | ᠬᠡᠢ ᠶᠢ ᠢᠰᠬᠡᠬᠦ᠂ ᠢᠯᠭᠠᠳᠠᠰᠤ ᠶᠢ ᠪᠥᠬᠦ ᠬᠡᠮᠵᠢᠶ᠎ᠡ ᠪᠠᠷ ᠲᠠᠷᠢᠶᠠᠨ ᠭᠠᠵᠠᠷ ᠲᠤ ᠪᠤᠴᠠᠭᠠᠬᠤ ᠵᠡᠷᠭᠡ ᠢᠯᠭᠠᠳᠠᠰᠤ ᠶᠢ ᠠᠰᠢᠭᠯᠠᠬᠤ ᠠᠷᠭ᠎ᠠ ᠮᠠᠶ᠋ᠢᠭ ᠢ | ᠳᠡᠯᠭᠡᠷᠡᠭᠦᠯᠦᠨ᠎ᠡ︔ ᠬᠡᠪᠴᠢᠶᠡᠵᠢᠭᠰᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠳᠤ ᠬᠠᠰᠢᠶᠠᠨ ᠳᠣᠲᠣᠷ᠎ᠠ ᠳᠡᠪᠢᠰᠦᠭᠰᠡᠨ ᠮᠠᠲ᠋ᠧᠷᠢᠶᠠᠯ ᠢ | ᠬᠤᠷᠢᠶᠠᠨ ᠴᠤᠭᠯᠠᠭᠤᠯᠬᠤ᠂ ᠥᠨᠳᠥᠷ ᠳᠤᠯᠠᠭᠠᠨ ᠲᠠᠢ ᠪᠣᠷᠳᠣᠭᠤᠷ ᠤᠨ ᠣᠪᠣᠭ᠎ᠠ ᠶᠢ ᠲᠠᠷᠢᠶᠠᠨ ᠳᠤ ᠪᠤᠴᠠᠭᠠᠨ ᠠᠰᠢᠭᠯᠠᠬᠤ ᠠᠷᠭ᠎ᠠ ᠮᠠᠶ᠋ᠢᠭ ᠢ ᠳᠡᠯᠭᠡᠷᠡᠭᠦᠯᠵᠦ᠂ | ᠪᠣᠷᠳᠣᠭᠤᠷ ᠣᠪᠣᠭᠠᠯᠠᠬᠤ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠥᠨᠳᠥᠷ ᠳᠤᠯᠠᠭᠠᠨ ᠢᠶᠠᠷ ᠢᠰᠬᠡᠬᠦ ᠪᠠᠷ ᠳᠠᠮᠵᠢᠭᠤᠯᠤᠨ ᠢᠮᠠᠭ᠎ᠠ ᠬᠤᠨᠢᠨ ᠤ ᠰᠢᠭᠡᠭ | ᠬᠦᠷᠵᠡᠩ ᠢ ᠬᠤᠣᠷ ᠦᠭᠡᠶᠢᠳᠡᠭᠦᠯᠬᠦ ᠪᠠ ᠡᠬᠢ ᠪᠠᠶᠠᠯᠢᠭᠵᠢᠭᠤᠯᠤᠨ ᠠᠰᠢᠭᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ︶ | 5. ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ ᠳᠠᠯᠳᠠ ᠬᠡᠮ ᠢ ᠪᠠᠭᠠᠰᠬᠠᠨ᠎ᠠ᠃ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠡᠮᠵᠢᠶ᠎ᠡ ᠪᠠᠷ ᠨᠡᠯᠢᠶᠡᠳ ᠶᠡᠭᠡ ᠭᠠᠵᠠᠷ ᠣᠷᠣᠨ ᠳᠤ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠥᠪ ᠪᠠᠶᠢᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ | ᠲᠦᠷ ᠬᠠᠳᠠᠭᠠᠯᠠᠬᠤ ᠭᠠᠵᠠᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠴᠤᠭᠯᠠᠭᠤᠯᠬᠤ | ᠂ ᠲᠡᠭᠡᠭᠡᠪᠦᠷᠢᠯᠡᠬᠦ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠥᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠨᠢᠲᠤᠯᠬᠤ ᠦᠢᠯᠡᠳᠪᠦᠷᠢ᠂ ᠬᠤᠣᠷ ᠦᠭᠡᠶᠢᠳᠡᠭᠦᠯᠦᠨ ᠰᠢᠢᠳᠪᠦᠷᠢᠯᠡᠬᠦ | ᠲᠠᠯᠠᠪᠠᠶ ᠵᠡᠷᠭᠡ ᠶᠢ ᠵᠢᠯᠤᠭᠤᠳᠴᠤ ᠪᠠᠶᠢᠭᠠᠳ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠦᠨ᠎ᠡ᠃ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠵᠢᠴᠢ ᠲᠡᠭᠦᠨ ᠤ ᠪᠦᠲᠦᠭᠡᠭᠳᠡᠬᠦᠨ ᠢ ᠳᠤᠷ᠎ᠠ ᠪᠠᠷ ᠢᠶᠠᠨ ᠬᠠᠶᠠᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ 2025 ᠣᠨ ᠪᠣᠯᠬᠤ ᠳᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠬᠤᠣᠷ ᠦᠭᠡᠶᠢᠳᠡᠭᠦᠯᠦᠨ | ᠰᠢᠢᠳᠪᠦᠷᠢᠯᠡᠬᠦ ᠪᠦᠷᠬᠦᠴᠡ ᠶᠢ 80% ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | 6. ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠪᠠᠶᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠷᠢᠶᠠᠨ | ᠠᠪᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠬᠠᠶᠠᠭᠳᠠᠮᠠᠯ ᠰᠦᠯᠢᠶᠣᠣ ᠪᠦᠷᠬᠦᠪᠴᠢ᠂ ᠬᠠᠶᠠᠭᠳᠠᠮᠠᠯ ᠲᠠᠷᠢᠶᠠᠨ ᠡᠮ ᠤᠨ ᠪᠣᠭᠤᠳᠠᠯ ᠵᠡᠷᠭᠡ | ᠬᠠᠶᠠᠭᠳᠠᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠦᠲᠦᠭᠡᠭᠳᠡᠬᠦᠨ ᠪᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠠᠪᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠰᠬᠤᠨ᠂ ᠰᠢᠶᠠᠩ ᠪᠠᠯᠭᠠᠰᠤ ᠬᠢᠭᠡᠳ ᠬᠤᠰᠢᠭᠤ ᠰᠢᠶᠠᠨ | ᠲᠣᠭᠤᠷᠢᠭ ᠲᠤ ᠶᠡᠷᠦᠩᠬᠡᠶᠢᠯᠡᠨ ᠬᠤᠷᠢᠶᠠᠨ ᠠᠪᠬᠤ ᠥᠷᠲᠡᠭᠡ ᠴᠡᠭ ᠢ ᠵᠦᠢ ᠵᠣᠬᠢᠰᠲᠠᠢ ᠪᠠᠶᠢᠷᠢᠯᠠᠭᠤᠯᠬᠤ ᠶᠢ ᠰᠦᠪᠡᠭᠴᠢᠯᠡᠨ᠎ᠡ᠃ ᠵᠤᠵᠠᠭᠠᠨ ᠰᠦᠯᠢᠶᠥᠦ | ᠪᠦᠷᠬᠦᠪᠴᠢ᠂ ᠵᠠᠳᠠᠷᠠᠵᠤ ᠪᠣᠯᠬᠤ ᠰᠦᠯᠢᠶᠥᠦ ᠪᠦᠷᠬᠦᠪᠴᠢ ᠶᠢᠨ ᠬᠡᠷᠡᠭᠯᠡᠯᠲᠡ ᠵᠢᠴᠢ ᠪᠦᠷᠬᠦᠪᠴᠢ ᠶᠢᠨ ᠥᠭᠡᠳᠡᠰᠦ ᠶᠢ ᠬᠤᠷᠢᠶᠠᠨ ᠠᠪᠬᠤ ᠮᠠᠰᠢᠨ ᠪᠠᠭᠠᠵᠢ ᠶᠢ | ᠨᠥᠬᠦᠪᠦᠷᠢᠯᠡᠬᠦ ᠡᠷᠴᠢᠮ ᠢ ᠴᠢᠩᠭᠠᠷᠠᠭᠤᠯᠵᠤ᠂ ᠬᠤᠯᠪᠣᠭᠳᠠᠯ ᠪᠦᠬᠦᠢ ᠲᠠᠷᠢᠶᠠᠯᠠᠩ ᠤᠨ ᠨᠥᠬᠦᠪᠦᠷᠢ ᠶᠢᠨ ᠪᠡᠯᠡ ᠮᠥᠩᠭᠦ ᠶᠢ ᠤᠯᠤᠰ ᠤᠨ ᠪᠠᠷᠢᠮᠵᠢᠶᠠᠲᠤ ᠰᠦᠯᠢᠶᠥᠦ | ᠪᠦᠷᠬᠦᠪᠴᠢ ᠶᠢᠨ ᠪᠣᠷᠤᠯᠠᠭᠤᠯᠭ᠎ᠠ ᠬᠡᠷᠡᠭᠯᠡᠭᠡ ᠯᠦᠭᠡ ᠬᠤᠯᠪᠣᠯᠳᠤᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︽ᠲᠦᠭᠰᠢᠭᠦᠷᠢ ᠡᠵᠡᠮᠳᠡᠯ ᠲᠠᠢ᠂ | ᠲᠣᠭᠲᠠᠭᠰᠠᠨ ᠭᠠᠵᠠᠷ ᠲᠣᠭᠲᠠᠭᠰᠠᠨ ᠴᠢᠭᠯᠡᠯ ᠲᠠᠢ᠂ ᠪᠥᠬᠦ ᠶᠠᠪᠤᠴᠠ ᠨᠢ ᠮᠥᠷᠳᠡᠯ ᠲᠠᠢ︾ ᠵᠠᠷᠴᠢᠮ ᠶᠣᠰᠣᠭᠠᠷ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ | ᠬᠠᠶᠠᠭᠳᠠᠮᠠᠯ ᠪᠣᠳᠠᠰ ᠢ ᠺᠣᠳ᠋ ᠰᠢᠷᠪᠢᠨ ᠮᠥᠷᠳᠡᠵᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | ︶ | ︵ᠲᠠᠪᠤ︶ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠬᠠᠮᠵᠢᠯᠴᠠᠭᠤᠯᠵᠤ᠂ ᠠᠮᠢᠳᠤᠷᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢ ᠴᠢᠩᠭᠠᠳᠬᠠᠨ᠎ᠠ | 1. ︽ᠬᠠᠶᠠᠭᠳᠠᠮᠠᠯ ᠦᠭᠡᠢ ᠡᠰ︾ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠬᠥᠬᠡᠬᠤᠲᠠ ᠶᠢᠨ ︽ᠬᠠᠶᠠᠭᠳᠠᠮᠠᠯ ᠦᠭᠡᠢ ᠡᠰ︾ | ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠡᠶᠢᠲᠡᠯᠡᠵᠦ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠭᠠᠵᠠᠷ ᠬᠡᠲᠦ ᠳᠡᠯᠭᠡᠭᠦᠷ᠂ ᠦᠵᠡᠮᠵᠢ ᠶᠢᠨ ᠣᠷᠣᠨ ᠵᠡᠷᠭᠡ ᠳᠤ ︽ | ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠢᠳᠡᠭᠡᠨ ᠤᠮᠳᠠᠭᠠᠨ ᠤ ᠠᠵᠤ ᠠᠬᠤᠶᠢᠯᠠᠯ ᠪᠣᠯᠣᠨ ᠪᠠᠶᠢᠭᠤᠯᠭ᠎ᠠ | ᠨᠢᠭᠡᠴᠢ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠵᠤ᠂ ᠪᠣᠬᠢᠷᠳᠤᠯ ᠦᠭᠡᠢ ᠬᠤᠭᠤᠯᠠᠨ ᠭᠡᠷ᠂ ᠪᠣᠬᠢᠷᠳᠤᠯ ᠦᠭᠡᠢ ᠢᠳᠡᠭᠡᠨ ᠤᠮᠳᠠᠭᠠᠨ ᠤ ᠠᠵᠤ | ᠠᠬᠤᠶᠢᠯᠠᠯ ᠢ ᠬᠠᠮᠵᠢᠯᠴᠠᠭᠤᠯᠤᠨ ᠡᠭᠦᠳᠦᠨ ᠪᠠᠶᠢᠭᠤᠯᠵᠤ᠂ ᠲᠣᠭᠤᠭᠠᠨ ᠭᠡᠷ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠨ᠎ᠠ᠃ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠰᠦᠯᠢᠶᠥᠦ ᠤᠭᠤᠲᠠ ᠶᠢ ᠲᠥᠪᠯᠡᠷᠡᠭᠦᠯᠦᠨ ᠬᠤᠳᠠᠯᠳᠤᠬᠤ ᠬᠤᠳᠠᠯᠳᠤᠨ ᠠᠪᠬᠤ ᠳᠦᠷᠢᠮ ᠢ ᠪᠠᠶᠢᠭᠤᠯᠬᠤ ᠶᠢ | ᠰᠦᠪᠡᠭᠴᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠲᠣᠬᠢᠷᠠᠬᠤ ᠪᠥᠰ ᠤᠭᠤᠲᠠ᠂ ᠴᠠᠭᠠᠰᠤᠨ ᠤᠭᠤᠲᠠ ᠵᠡᠷᠭᠡ ᠰᠦᠯᠢᠶᠣᠣ ᠪᠤᠰᠤ ᠦᠢᠯᠡᠳᠬᠦᠨ ᠪᠠ | ᠵᠠᠳᠠᠷᠠᠭᠤᠯᠵᠤ ᠪᠣᠯᠬᠤ ᠪᠠᠷᠠᠭ᠎ᠠ ᠬᠤᠳᠠᠯᠳᠤᠨ ᠠᠪᠬᠤ ᠤᠭᠤᠲᠠ ᠶᠢ ᠳᠡᠯᠭᠡᠷᠡᠭᠦᠯᠦᠨ ᠬᠡᠷᠡᠭᠯᠡᠵᠦ᠂ ᠬᠤᠲᠠ ᠬᠥᠳᠡᠭᠡ ᠶᠢᠨ ᠠᠭᠤᠯᠵᠠᠷ ᠬᠡᠰᠡᠭ ᠪᠠ ᠬᠤᠰᠢᠭᠤ | ᠰᠢᠶᠠᠨ ᠭᠠᠵᠠᠷ ᠣᠷᠣᠨ ᠤ ᠵᠠᠳᠠᠷᠠᠭᠤᠯᠵᠤ ᠪᠣᠯᠣᠰᠢ ᠦᠭᠡᠢ ᠰᠦᠯᠢᠶᠥᠦ ᠤᠭᠤᠲᠠ ᠬᠡᠷᠡᠭᠯᠡᠬᠦ ᠶᠢ ᠵᠣᠭᠰᠤᠭᠠᠬᠤ ᠶᠢ ᠵᠣᠷᠢᠭᠵᠢᠭᠤᠯᠤᠨ᠎ᠠ᠃ ᠢᠳᠡᠭᠡᠨ ᠤᠮᠳᠠᠭᠠᠨ ᠤ | ᠵᠠᠬᠢᠶᠠᠯᠠᠭ᠎ᠠ ᠶᠢᠨ ᠬᠤᠭᠤᠯᠠᠨ ᠤ ᠬᠦᠷᠢᠶᠡᠨ ᠳᠤ ᠰᠦᠯᠢᠶᠥᠦ ᠶᠢ ᠣᠷᠣᠯᠠᠭᠤᠯᠵᠤ ᠪᠣᠯᠬᠤ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ ᠰᠢᠤᠳᠠᠨ ᠤ ᠠᠵᠢᠯ | ᠲᠥᠷᠥᠯ ᠤᠨ ᠲᠡᠭᠡᠭᠡᠪᠦᠷᠢ ᠶᠢᠨ ᠡᠯᠧᠺᠲᠷᠣᠨ ᠪᠠᠷᠢᠮᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ ᠲᠦᠷᠭᠡᠨ ᠬᠦᠷᠭᠡᠯᠲᠡ ᠶᠢᠨ ᠠᠵᠤ | ᠠᠬᠤᠶᠢᠯᠠᠯ ᠤᠨ ᠪᠣᠬᠢᠷᠳᠤᠯ ᠦᠭᠡᠢ ᠪᠣᠭᠤᠳᠠᠯᠯᠠᠬᠤ ᠮᠠᠲ᠋ᠧᠷᠢᠶᠠᠯ ᠬᠡᠷᠡᠭᠯᠡᠬᠦ ᠶᠢ ᠰᠢᠮᠳᠠᠭᠤᠯᠤᠨ᠎ᠠ᠃ ᠬᠡᠯᠬᠢᠶ᠎ᠡ ᠬᠤᠳᠠᠯᠳᠤᠭ᠎ᠠ ᠬᠡᠲᠦ ᠳᠡᠯᠭᠡᠭᠦᠷ᠂ ᠲᠣᠮᠣ | ᠬᠡᠯᠪᠡᠷᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ | ᠵᠡᠷᠭᠡ ᠪᠠᠷ ᠭᠤᠣᠯᠳᠠᠯᠭ᠎ᠠ ᠪᠣᠯᠭᠠᠵᠤ᠂ ᠣᠷᠴᠢᠯᠳᠤᠵᠤ ᠪᠣᠯᠬᠤ᠂ ᠡᠪᠬᠡᠵᠦ ᠪᠣᠯᠬᠤ ᠪᠣᠭᠤᠳᠠᠯ ᠪᠠᠭᠯᠠᠭ᠎ᠠ ᠶᠢᠨ ᠦᠢᠯᠡᠳᠬᠦᠨ ᠪᠠ ᠪᠠᠷᠠᠭᠠᠨ ᠤ ᠭᠦᠢᠯᠭᠡᠭᠡᠨ ᠤ | ᠬᠦᠷᠭᠡᠯᠲᠡ ᠶᠢᠨ ᠪᠠᠭᠠᠵᠢ ᠬᠡᠷᠡᠭᠰᠡᠯ ᠢ ᠢᠳᠡᠪᠬᠢᠲᠡᠢ ᠪᠠᠷ ᠳᠡᠯᠭᠡᠷᠡᠭᠦᠯᠦᠨ᠎ᠡ᠃ 2025 ᠣᠨ ᠪᠣᠯᠬᠤ ᠳᠤ᠂ ᠲᠦᠷᠭᠡᠨ ᠬᠦᠷᠭᠡᠯᠲᠡ ᠶᠢᠨ ᠪᠣᠬᠢᠷᠳᠤᠯ ᠦᠭᠡᠢ | ᠪᠣᠭᠤᠳᠠᠯ ᠬᠡᠷᠡᠭᠯᠡᠬᠦ ᠨᠣᠷᠮ᠎ᠠ ᠶᠢ 90% ᠬᠦᠷᠭᠡᠨ᠎ᠡ᠃ ︵ ᠲᠦᠷᠦᠭᠦᠯᠡᠨ ᠬᠢᠬᠦ ᠨᠢᠭᠡᠴᠢ᠄ ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ | ᠭᠡᠷ︾︔ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ | ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠠᠶᠠᠬᠤ ᠶᠢ ᠭᠦᠨᠵᠡᠭᠡᠶᠢᠷᠡᠭᠦᠯᠦᠨ᠎ᠡ᠃ ᠬᠤᠲᠠ ᠶᠢᠨ ᠱᠠᠲᠤᠨ ᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠱᠠᠩᠨᠠᠵᠤ ᠲᠣᠷᠭᠠᠬᠤ | ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ︽ᠠᠮᠢᠳᠤᠷᠠᠯ ᠤᠨ ᠬᠤᠷᠢᠶᠠᠯᠠᠯ ᠢᠶᠠᠷ ᠭᠤᠣᠯ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ — ᠵᠡᠭᠡᠯᠢ | ᠭᠤᠳᠤᠮᠵᠢ ᠪᠠᠷ ᠭᠤᠣᠯ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ —ᠬᠤᠲᠠ ᠶᠢᠨ ᠲᠣᠭᠤᠷᠢᠭ ᠲᠤ ᠨᠡᠶᠢᠳᠡᠮ ᠪᠦᠷᠬᠦᠭᠦᠯᠬᠦ︾ ᠴᠤᠪᠤᠷᠠᠯ | ᠶᠣᠰᠣᠭᠠᠷ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠴᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ | ᠲᠣᠭᠤᠷᠢᠭ ᠨᠢ ︽ᠨᠢᠭᠡ ᠪᠠᠯᠭᠠᠰᠤ ᠬᠤᠶᠠᠷ ᠲᠣᠰᠬᠤᠨ︾ ᠤ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠥᠷᠥᠯ ᠬᠤᠪᠢᠶᠠᠬᠤ ᠬᠤᠭ | ᠨᠣᠪᠰᠢ ᠶᠢᠨ ᠰᠠᠪᠠ ᠵᠡᠷᠭᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠤᠯᠠᠮ ᠨᠢᠭᠡ ᠠᠯᠬᠤᠮ ᠣᠷᠣᠭᠤᠯᠤᠨ ᠬᠡᠷᠡᠭᠯᠡᠨ᠎ᠡ᠃ ᠪᠥᠬᠦ | ᠬᠤᠲᠠ ᠳᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯ ᠥᠷᠨᠢᠭᠦᠯᠵᠦ᠂ ᠬᠤᠲᠠ ᠶᠢᠨ ᠠᠷᠠᠳ | ᠲᠦᠮᠡᠨ ᠢ ᠬᠥᠲᠥᠯᠥᠨ ᠵᠢᠯᠤᠭᠤᠳᠴᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠬᠠᠭᠤᠯᠪᠤᠷᠢᠯᠠᠵᠤ | ᠪᠣᠯᠬᠤ᠂ ᠳᠡᠯᠭᠡᠷᠡᠭᠦᠯᠵᠦ ᠪᠣᠯᠬᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ︽ᠬᠦᠬᠡᠬᠤᠲᠠ ᠶᠢᠨ ᠵᠠᠭᠪᠤᠷ︾ ᠢ ᠪᠣᠶ ᠪᠣᠯᠭᠠᠨ᠎ᠠ᠃ ᠬᠤᠲᠠ ᠶᠢᠨ | ᠰᠠᠭᠤᠭᠠᠯᠢ ᠠᠷᠠᠳ ᠤᠨ ᠬᠤᠷᠢᠶᠠᠯᠠᠯ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠬᠦᠭᠦᠯᠬᠦ ᠨᠣᠷᠮ᠎ᠠ ᠶᠢ 100% ᠶᠢᠨ ᠬᠢᠷᠢ | ᠲᠦᠪᠰᠢᠨ ᠳᠤ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ︶ | 3. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠲᠣᠭᠤᠭᠠᠨ ᠭᠡᠷ ᠤᠨ | ᠬᠤᠭ ᠨᠣᠪᠰᠢ᠂ ᠪᠤᠰᠤᠳ ᠬᠤᠭ ᠨᠣᠪᠰᠢ᠂ ᠬᠤᠣᠷ ᠲᠠᠢ ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠲᠣᠣᠷ ᠢ ᠨᠢᠭᠡᠳᠦᠯᠲᠡᠢ ᠲᠥᠯᠥᠪᠯᠡᠨ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠵᠠᠮ ᠱᠤᠭᠤᠮ ᠢ ᠲᠡᠭᠦᠯᠳᠡᠷᠵᠢᠭᠦᠯᠦᠨ᠎ᠡ᠃ ︽ᠶᠡᠭᠡ ᠪᠠᠷ ᠰᠠᠯᠭᠠᠬᠤ᠂ | ᠪᠠᠭ᠎ᠠ ᠪᠠᠷ ᠲᠥᠷᠥᠯ ᠬᠤᠪᠢᠶᠠᠬᠤ︾ ᠦᠨᠳᠦᠰᠦᠨ ᠠᠷᠭ᠎ᠠ ᠵᠠᠮ ᠢ ᠪᠠᠷᠢᠮᠲᠠᠯᠠᠨ᠂ ᠵᠠᠰᠠᠵᠤ ᠴᠢᠮᠡᠭᠯᠡᠬᠦ ᠬᠤᠭ ᠨᠣᠪᠰᠢ᠂ ᠲᠣᠮᠣ ᠬᠤᠭ ᠨᠣᠪᠰᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠣᠯᠵᠣᠵᠤ ᠭᠡᠷ ᠲᠤᠨᠢ ᠬᠦᠷᠬᠦ ᠠᠷᠭ᠎ᠠ ᠮᠠᠶ᠋ᠢᠭ ᠢ ᠠᠪᠴᠤ ᠲᠣᠮᠣ ᠬᠤᠭ ᠨᠣᠪᠰᠢ ᠶᠢ ᠬᠤᠷᠢᠶᠠᠵᠤ | ᠲᠡᠭᠡᠭᠡᠪᠦᠷᠢᠯᠡᠬᠦ ᠦᠢᠯᠡᠴᠢᠯᠡᠭᠡ ᠶᠢ ᠰᠠᠶᠢᠲᠤᠷ ᠬᠢᠨ᠎ᠡ᠃ ᠡᠯᠧᠺᠲᠷᠣᠨ ᠬᠤᠳᠠᠯᠳᠤᠭᠠᠨ ᠤ ᠵᠠᠬᠢᠶᠠᠯᠠᠭ᠎ᠠ ᠶᠢᠨ ᠲᠠᠪᠴᠠᠩ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠰᠠᠯᠠᠭ᠎ᠠ ᠮᠥᠴᠢᠷ᠂ ᠬᠤᠷᠢᠶᠠᠨ ᠠᠪᠬᠤ ᠠᠵᠤ ᠠᠬᠤᠶᠢᠯᠠᠯ ᠵᠡᠷᠭᠡ ᠶᠢᠨ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ | ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ᠂ ᠲᠣᠮᠣ ᠬᠡᠯᠪᠡᠷᠢ ᠶᠢᠨ ᠨᠡᠶᠢᠭᠡᠮ ᠲᠣᠭᠤᠷᠢᠭ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶ᠎ᠡ᠂ | ᠲᠦᠷᠭᠡᠨ ᠬᠦᠷᠭᠡᠯᠲᠡ ᠶᠢᠨ ᠲᠡᠭᠦᠰᠬᠡᠯ ᠤᠨ ᠲᠣᠣᠷ ᠴᠡᠭ ᠵᠡᠷᠭᠡ ᠣᠷᠣᠨ ᠪᠦᠰᠡ ᠳᠤ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠵᠡᠷᠭᠡ ᠶᠢ ᠬᠤᠷᠢᠶᠠᠵᠤ | ᠠᠪᠬᠤ ᠢᠯᠡᠷᠬᠡᠢ ᠲᠡᠮᠳᠡᠭ ᠲᠠᠢ ᠪᠡᠯᠡᠳᠬᠡᠮᠵᠢ ᠶᠢ ᠲᠠᠯᠪᠢᠨ᠎ᠠ᠃ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠶᠢᠨ | ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ︽ᠬᠤᠳᠠᠯᠳᠤᠬᠤ ᠥᠭᠬᠦ ᠳᠤ ᠲᠥᠬᠦᠮ ᠪᠠᠶᠢᠯᠭᠠᠬᠤ︾ ᠵᠠᠷᠴᠢᠮ | ᠶᠣᠰᠣᠭᠠᠷ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠲᠣᠣᠷ ᠴᠡᠭ ᠢ ᠵᠦᠢ ᠵᠣᠬᠢᠰᠲᠠᠢ ᠪᠠᠶᠢᠷᠢᠰᠢᠭᠤᠯᠵᠤ᠂ ᠳᠠᠬᠢᠯᠲᠠ ᠡᠬᠢ ᠪᠠᠶᠠᠯᠢᠭ ᠢ ᠢᠯᠭᠠᠬᠤ | ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠰᠲ᠋ᠧᠮᠵᠢ ᠯᠦᠭᠡ ᠬᠠᠷᠢᠯᠴᠠᠨ | ᠵᠣᠯᠭᠠᠯᠳᠤᠭᠰᠠᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠲᠣᠣᠷ ᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠡᠬᠢ ᠪᠠᠶᠠᠯᠢᠭ ᠢ ᠬᠤᠷᠢᠶᠠᠨ ᠠᠪᠬᠤ︾ | ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠣᠶᠤᠨᠴᠢ ᠫᠷᠣᠭ᠍ᠷᠠᠮ ᠪᠠ ᠰᠦᠯᠵᠢᠶᠡᠨ ᠤ ᠨᠡᠶᠢᠲᠡ ᠶᠢᠨ ᠳ᠋ᠤᠭᠠᠷ ᠢ | ᠰᠤᠳᠤᠯᠤᠨ ᠨᠡᠭᠡᠭᠡᠵᠦ ᠳᠡᠯᠭᠡᠷᠡᠭᠦᠯᠦᠨ ᠲᠦᠭᠡᠮᠡᠯᠵᠢᠭᠦᠯᠵᠦ᠂ ᠳᠠᠬᠢᠯᠲᠠ ᠡᠬᠢ ᠪᠠᠶᠠᠯᠢᠭ ᠢ ᠲᠥᠷᠥᠯ ᠬᠤᠪᠢᠶᠠᠨ ᠬᠤᠷᠢᠶᠠᠨ ᠠᠪᠴᠤ ᠠᠰᠢᠭᠯᠠᠬᠤ ᠮᠡᠳᠡᠭᠡ | ᠵᠠᠩᠭᠢᠵᠢᠯᠲᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ | ᠠᠰᠢᠭᠯᠠᠬᠤ ᠨᠣᠷᠮ᠎ᠠ ᠶᠢ 35% ᠬᠦᠷᠭᠡᠨ᠎ᠡ᠃ ︵ ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 4. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠬᠤᠷᠢᠶᠠᠵᠤ | ᠲᠡᠭᠡᠭᠡᠪᠦᠷᠢᠯᠡᠬᠦ ᠯᠦᠭᠡ ᠬᠠᠷᠢᠯᠴᠠᠨ ᠵᠣᠬᠢᠴᠠᠯᠳᠤᠭᠰᠠᠨ ᠡᠴᠦᠰ ᠤᠨ ᠦᠵᠦᠭᠦᠷ ᠤᠨ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ | ᠪᠠᠶᠢᠭᠤᠯᠵᠤ᠂ ᠰᠠᠶᠢᠬᠠᠨ ᠲᠣᠭᠤᠷᠢᠭ ᠤᠨ 300 ᠲᠣᠨ/ᠡᠳᠦᠷ ᠤᠨ ᠬᠤᠭᠤᠯᠠ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ᠂ ᠲᠦᠮᠡᠳ ᠵᠡᠭᠦᠨ | ᠬᠤᠰᠢᠭᠤᠨ ᠤ 750 ᠲᠣᠨ/ᠡᠳᠦᠷ ᠤᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠪᠠ ᠵᠢᠩ ᠴᠧᠩ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠮᠠᠰᠢᠨ ᠴᠣᠭᠴᠠᠯᠠᠪᠤᠷᠢ ᠶᠢᠨ ᠰᠢᠲᠠᠭᠠᠵᠤ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠪᠠᠶᠢᠭᠤᠯᠤᠨ | ᠬᠤᠷᠳᠤᠨ ᠠᠰᠢᠭᠯᠠᠯᠲᠠ ᠳᠤ ᠣᠷᠣᠭᠤᠯᠤᠨ᠎ᠠ᠃ 2025 ᠣᠨ ᠪᠣᠯᠬᠤ ᠳᠤ᠂ ᠬᠤᠲᠠ ᠶᠢᠨ ᠲᠣᠭᠤᠷᠢᠭ ᠤᠨ ᠠᠮᠢᠳᠤᠷᠠᠯ ᠤᠨ ᠤᠭ ᠬᠤᠭ ᠨᠣᠪᠰᠢ ᠶᠢ ︽ | ᠪᠤᠯᠠᠬᠤ ᠦᠭᠡᠢ︾ ᠪᠣᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠠᠵᠤ | ᠠᠬᠤᠶᠢᠯᠠᠯ ᠤᠨ ︽ᠤᠭᠰᠠᠷᠠᠬᠤ᠂ ᠪᠣᠰᠬᠠᠬᠤ᠂ ᠬᠤᠯᠪᠣᠬᠤ︾ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠤᠭᠰᠠᠨ | ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠪᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠶᠢ ᠥᠷᠭᠦᠯᠵᠢᠯᠡᠨ ᠠᠬᠢᠭᠤᠯᠤᠨ᠎ᠠ᠃ ᠣᠲᠣ ᠶᠢᠨ ᠪᠠᠶᠢᠭ᠎ᠠ ᠪᠤᠯᠠᠬᠤ ᠲᠠᠯᠠᠪᠠᠶ ᠶᠢᠨ ᠠᠵᠢᠯᠯᠠᠭᠠᠨ ᠢ ᠬᠢᠨᠠᠨ ᠬᠠᠮᠢᠶᠠᠷᠬᠤ ᠪᠠ ᠪᠢᠲᠡᠭᠦᠮᠵᠢᠯᠡᠭᠰᠡᠨ ᠤ | ᠳᠠᠷᠠᠭᠠᠬᠢ ᠪᠤᠯᠠᠬᠤ ᠲᠠᠯᠠᠪᠠᠶ ᠶᠢ ᠮᠥᠷᠳᠡᠨ ᠬᠢᠨᠠᠨ ᠬᠡᠮᠵᠢᠬᠦ ᠶᠢ ᠴᠢᠩᠭᠠᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠪᠤᠯᠠᠵᠤ ᠨᠡᠪᠴᠢᠵᠦ ᠭᠠᠷᠤᠭᠰᠠᠨ | ᠰᠢᠩᠭᠡᠨ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 5. ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠮᠡᠳ | ᠵᠡᠭᠦᠨ ᠬᠤᠰᠢᠭᠤᠨ ᠤ ᠰᠠᠶᠢᠷᠲᠤ ᠠᠶᠢᠯ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ | ᠵᠠᠳᠠᠯᠬᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠠᠶᠢᠭᠤᠯᠤᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠵᠠᠳᠠᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨᠠᠪᠴᠤ ᠵᠠᠳᠠᠯᠬᠤ ᠠᠵᠤ ᠠᠬᠤᠶᠢᠯᠠᠯ ᠢ ᠲᠠᠰ | ᠳᠡᠪᠰᠢᠭᠦᠯᠦᠨ ᠥᠭᠡᠷᠡᠴᠢᠯᠡᠬᠦ ᠠᠯᠬᠤᠴᠠ ᠶᠢ ᠲᠦᠷᠭᠡᠳᠬᠡᠵᠦ᠂ ᠬᠤᠷᠢᠶᠠᠨ ᠠᠪᠴᠤ ᠵᠠᠳᠠᠯᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠤᠷᠢᠶᠠᠨ ᠠᠪᠴᠤ ᠵᠠᠳᠠᠯᠬᠤ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠦᠨ᠎ᠡ᠃ | ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ | ᠬᠠᠤᠯᠢ ᠪᠤᠰᠤ ᠪᠠᠷ ᠬᠤᠷᠢᠶᠠᠨ ᠠᠪᠴᠤ ᠵᠠᠳᠠᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠦᠮᠡᠳ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶ | 6. ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠠᠰᠢᠭᠯᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠭᠦᠨᠵᠡᠭᠡᠢ ᠤᠰᠤ ᠦᠭᠡᠶᠢᠳᠡᠭᠦᠯᠬᠦ ᠤᠷ᠎ᠠ ᠮᠡᠷᠭᠡᠰᠢᠯ ᠤᠨ ᠪᠡᠯᠡᠳᠬᠡᠮᠵᠢ ᠶᠢ ᠵᠢᠷᠤᠮᠵᠢᠭᠤᠨ ᠠᠵᠢᠯᠯᠠᠭᠤᠯᠵᠤ᠂ ᠬᠤᠲᠠ ᠶᠢᠨ | ᠶᠠᠪᠤᠳᠠᠯ ᠤᠨ ᠪᠣᠬᠢᠷ ᠰᠢᠪᠠᠷ ᠤᠨ ᠡᠵᠡᠯᠡᠬᠦᠨ ᠢ ᠪᠠᠭᠠᠰᠬᠠᠨ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠶᠢ ᠪᠠᠲᠤᠯᠠᠨ᠎ᠠ᠃ ᠡᠬᠢ ᠪᠠᠶᠠᠯᠢᠭᠵᠢᠭᠤᠯᠬᠤ ᠪᠠᠷ ᠴᠢᠭᠯᠡᠯ | ᠪᠣᠯᠭᠠᠨ᠂ ᠨᠡᠶᠢᠭᠡᠮ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠣᠬᠢᠷ ᠰᠢᠪᠠᠷ ᠢ ᠰᠢᠢᠳᠪᠦᠷᠢᠯᠡᠬᠦ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ | ᠶᠢ ᠪᠠᠶᠢᠭᠤᠯᠵᠤ᠂ ᠪᠣᠬᠢᠷ ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠵᠠᠬ᠎ᠠ ᠳᠡᠯᠭᠡᠭᠦᠷ ᠢ ᠣᠯᠠᠨ ᠠᠷᠭ᠎ᠠ ᠵᠠᠮ ᠣᠯᠠᠨ ᠲᠠᠯ᠎ᠠ ᠠᠴᠠ ᠥᠷᠭᠡᠳᠬᠡᠵᠦ᠂ | ᠪᠠᠷᠢᠯᠭ᠎ᠠ ᠶᠢᠨ ᠮᠠᠲ᠋ᠧᠷᠢᠶᠠᠯ ᠪᠣᠯᠭᠠᠨ ᠠᠰᠢᠭᠯᠠᠬᠤ᠂ ᠭᠠᠵᠠᠷ ᠰᠢᠷᠣᠢ ᠪᠣᠯᠭᠠᠨ ᠠᠰᠢᠭᠯᠠᠬᠤ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠤ ᠰᠣᠳᠣᠯᠠᠭᠠᠨ ᠤ | ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠪᠣᠬᠢᠷ ᠤᠰᠤ ᠶᠢ ᠰᠢᠢᠳᠪᠦᠷᠢᠯᠡᠬᠦ ᠠᠵᠤ ᠠᠬᠤᠶᠢᠯᠠᠯ ᠵᠡᠷᠭᠡ ᠨᠢᠭᠡᠴᠢ ᠶᠢ ᠬᠥᠲᠥᠯᠥᠨ ᠵᠢᠯᠤᠭᠤᠳᠴᠤ ᠪᠣᠬᠢᠷ | ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠢ ᠰᠤᠳᠤᠯᠤᠨ ᠨᠡᠭᠡᠭᠡᠵᠦ᠂ ᠪᠣᠬᠢᠷ ᠰᠢᠪᠠᠷ ᠢ ᠣᠯᠠᠨ ᠡᠰᠢᠵᠢᠭᠦᠯᠦᠨ ᠠᠰᠢᠭᠯᠠᠵᠤ ᠰᠢᠢᠳᠪᠦᠷᠢᠯᠡᠬᠦ | ᠠᠷᠭ᠎ᠠ ᠵᠠᠮ ᠪᠠ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠪᠣᠬᠢᠷ ᠰᠢᠪᠠᠷ ᠢ ᠠᠰᠢᠭᠯᠠᠵᠤ ᠰᠢᠢᠳᠪᠦᠷᠢᠯᠡᠬᠦ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠵᠢᠷᠭᠤᠭ᠎ᠠ︶ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠵᠤ᠂ ᠬᠤᠳᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | 1. ᠪᠠᠷᠢᠯᠭ᠎ᠠ ᠶᠢᠨ ᠬᠤᠭ ᠨᠣᠪᠰᠢ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ | ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠵᠢᠯᠣᠭᠤᠳᠤᠯᠭ᠎ᠠ ᠶᠢᠨ ᠭᠠᠷ ᠳᠡᠪᠲᠡᠷ ᠢ ᠨᠡᠶᠢᠲᠡᠯᠡᠵᠦ᠂ ᠪᠠᠷᠢᠯᠭ᠎ᠠ ᠶᠢᠨ ᠨᠢᠭᠡᠴᠢ ᠶᠢᠨ ᠡᠭᠦᠷᠢᠳᠡ ᠶᠢᠨ | ᠪᠠ ᠲᠦᠷ ᠴᠠᠭ ᠤᠨ ᠬᠢ ᠶᠢ ᠤᠶᠠᠯᠳᠤᠭᠤᠯᠬᠤ᠂ ᠲᠦᠷ ᠴᠠᠭ ᠤᠨ ᠪᠡᠯᠡᠳᠬᠡᠮᠵᠢ ᠪᠠ ᠡᠷᠭᠢᠯᠲᠡ ᠶᠢᠨ ᠮᠠᠲ᠋ᠧᠷᠢᠶᠠᠯ ᠢ ᠳᠠᠬᠢᠨ ᠳᠠᠪᠲᠠᠨ ᠠᠰᠢᠭᠯᠠᠬᠤ ᠵᠡᠷᠭᠡ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠨᠢᠭᠡᠴᠢ ᠶᠢᠨ | ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ | ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠷᠤᠳᠠᠯ ᠢ ᠪᠠᠷᠢᠯᠭ᠎ᠠ ᠶᠢᠨ ᠲᠣᠶᠢᠮᠣ ᠲᠥᠰᠥᠪ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ | ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ | ᠪᠠᠷᠢᠮᠵᠢᠶ᠎ᠠ ᠶᠣᠰᠣᠭᠠᠷ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ ᠪᠣᠬᠢᠷᠳᠤᠯ | ᠦᠭᠡᠢ ᠪᠠᠷᠢᠯᠭ᠎ᠠ ᠶᠢᠨ ᠪᠠᠷᠢᠮᠵᠢᠶ᠎ᠠ ᠳᠤ ᠬᠦᠷᠭᠡᠬᠦ ᠶᠢ ᠲᠦᠷᠭᠡᠳᠬᠡᠨ᠎ᠡ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ | ᠪᠠᠶᠢᠭᠤᠯᠬᠤ ᠬᠤᠳᠠ ᠪᠠᠯᠭᠠᠰᠤᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠥᠯᠥᠪᠵᠢᠭᠦᠯᠬᠦ ᠨᠥᠬᠦᠴᠡᠯ᠂ ᠪᠦᠲᠦᠭᠡᠨ ᠪᠠᠶᠢᠭᠤᠯᠬᠤ ᠨᠥᠬᠦᠴᠡᠯ ᠳᠤ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠠᠷᠢᠴᠠᠯ᠂ ᠤᠭᠰᠠᠷᠠᠬᠤ ᠨᠤᠷᠮ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠪᠡᠯᠡ ᠣᠷᠣᠭᠤᠯᠬᠤ ᠪᠤᠶᠤ ᠵᠠᠰᠠᠭ ᠤᠨ | ᠣᠷᠳᠣᠨ ᠪᠡᠯᠡ ᠣᠷᠣᠭᠤᠯᠬᠤ ᠪᠠᠷ ᠭᠤᠣᠯ ᠪᠣᠯᠭᠠᠭᠰᠠᠨ ᠪᠠᠷᠢᠯᠭ᠎ᠠ ᠶᠢ ᠪᠦᠬᠦ ᠲᠠᠯ᠎ᠠ ᠪᠠᠷ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠠᠷᠢᠮᠵᠢᠶ᠎ᠠ ᠪᠠᠷ ᠪᠦᠲᠦᠭᠡᠨ | ᠪᠠᠶᠢᠭᠤᠯᠬᠤ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠵᠠᠮ ᠱᠤᠭᠤᠮ ᠪᠠ ᠴᠠᠭ | ᠬᠤᠭᠤᠴᠠᠭ᠎ᠠ ᠶᠢ ᠲᠣᠭᠲᠠᠭᠠᠨ᠂ ︽ᠢᠨᠲ᠋ᠧᠷ ᠰᠦᠯᠵᠢᠶ᠎ᠡ + ᠬᠥᠳᠡᠯᠦᠩᠭᠦᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ︾ ᠠᠷᠭ᠎ᠠ ᠪᠠᠷᠢᠯ ᠢ ᠬᠡᠷᠡᠭᠯᠡᠨ᠂ | ᠪᠥᠬᠦ ᠶᠠᠪᠤᠴᠠ ᠶᠢᠨ᠂ ᠵᠢᠷᠤᠮᠵᠢᠭᠰᠠᠨ᠂ ᠥᠨᠴᠥᠭ ᠪᠤᠯᠤᠩ ᠦᠭᠡᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ ᠲᠦᠷᠦᠭᠦᠯᠡᠨ ᠬᠢᠬᠦ ᠨᠢᠭᠡᠴᠢ᠄ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ︶ | 2. ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠬᠤᠭ ᠨᠣᠪᠰᠢ ᠶᠢᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠠᠵᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠠᠷᠢᠯᠭ᠎ᠠ ᠶᠢᠨ ᠬᠤᠭ ᠤᠨ ᠲᠠᠯᠠᠪᠠᠢ ᠶᠢᠨ | ᠪᠡᠯᠡᠳᠬᠡᠮᠵᠢ ᠪᠠ ᠲᠠᠯᠠᠪᠤᠷ ᠭᠠᠵᠠᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠤᠨ᠎ᠠ᠃ ᠪᠠᠷᠢᠯᠭ᠎ᠠ ᠶᠢᠨ ᠬᠤᠭ ᠤᠨ ᠲᠠᠯᠠᠪᠠᠶ ᠪᠠ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠵᠤ ᠰᠢᠢᠳᠪᠦᠷᠢᠯᠡᠬᠦ | ᠴᠢᠳᠠᠪᠤᠷᠢ ᠶᠢᠨ ᠳᠤᠲᠠᠭᠤᠳᠠᠯ ᠢ ᠠᠯᠢ ᠬᠤᠷᠳᠤᠨ ᠢᠶᠠᠷ ᠨᠥᠬᠦᠪᠦᠷᠢᠯᠡᠨ᠎ᠡ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ | ᠬᠥᠬᠡᠬᠤᠲᠠ ᠶᠢᠨ ᠬᠤᠳᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾ ︵ᠵᠠᠰᠠᠭ ᠤᠨ ᠣᠷᠳᠣᠨ ᠤ ᠵᠠᠷᠯᠢᠭ 2009 ᠣᠨ ᠤ 13 | ᠳ᠋ᠤᠭᠠᠷ ᠲᠣᠭᠠᠲᠤ︶ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ | ᠳᠦᠷᠢᠮ ᠤᠨ ᠰᠢᠰᠲ᠋ᠧᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠪᠠᠷᠢᠯᠭ᠎ᠠ ᠶᠢᠨ ᠨᠢᠭᠡᠴᠢ ᠶᠢᠨ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ | ᠲᠥᠰᠥᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ ᠢ ᠲᠣᠭᠲᠠᠭᠠᠨ ᠨᠡᠶᠢᠲᠡᠯᠡᠵᠦ᠂ ᠪᠠᠷᠢᠯᠭ᠎ᠠ ᠶᠢᠨ ᠬᠤᠭ ᠨᠣᠪᠰᠢ ᠶᠢᠨ ᠡᠬᠢ ᠡᠭᠦᠰᠦᠯ ᠠᠴᠠ ᠨᠢ ᠵᠠᠰᠠᠬᠤ ᠶᠢ | ᠴᠢᠩᠭᠠᠳᠬᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 3. ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠪᠣᠯᠣᠨ ᠰᠢᠶᠠᠨ ᠤ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠢᠶᠠᠷᠤᠯᠲᠠ ᠶᠢᠨ | ᠬᠤᠯᠪᠣᠯᠳᠤᠯ ᠢ ᠴᠢᠩᠭᠠᠳᠬᠠᠵᠤ᠂ ᠬᠠᠷᠢᠯᠴᠠᠨ ᠬᠠᠮᠵᠢᠯᠴᠠᠵᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠎ᠠ᠃ ᠳᠠᠭᠠᠭᠤᠯᠢ ᠣᠳᠣᠨ ᠤ ᠠᠯᠤᠰ ᠰᠡᠷᠡᠯ ᠪᠠ ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠠᠰᠢᠭᠯᠠᠨ᠂ ᠪᠥᠬᠦ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠣᠪᠣᠭ᠎ᠠ ᠶᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ | ᠬᠠᠮᠢᠶᠠᠷᠤᠨ ᠡᠵᠡᠮᠳᠡᠬᠦ ᠲᠥᠰᠥᠯ ᠢ ᠰᠤᠳᠤᠯᠤᠨ ᠲᠣᠭᠲᠠᠭᠠᠨ᠎ᠠ᠃ ︽ᠨᠢᠭᠡ ᠴᠡᠭ ᠲᠤ ᠨᠢᠭᠡ ᠠᠷᠭ᠎ᠠ ᠪᠣᠳᠣᠯᠭ᠎ᠠ︾ ᠶᠢᠨ ᠵᠠᠷᠴᠢᠮ ᠶᠣᠰᠣᠭᠠᠷ᠂ ᠪᠠᠷᠢᠯᠭ᠎ᠠ ᠶᠢᠨ | ᠬᠤᠭ ᠨᠣᠪᠰᠢ ᠶᠢᠨ ᠣᠪᠣᠭ᠎ᠠ ᠶᠢ ᠵᠠᠰᠠᠬᠤ ᠲᠥᠰᠥᠯ ᠢ ᠴᠠᠭ ᠲᠤᠬᠠᠢ ᠳᠤᠨᠢ ᠲᠣᠭᠲᠠᠭᠠᠨ᠎ᠠ᠃ ᠬᠤᠰᠢᠭᠤ ᠰᠢᠶᠠᠨ ᠲᠣᠭᠤᠷᠢᠭ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ︽ᠡᠷᠬᠢᠨ ᠬᠠᠷᠠᠬᠤ︾ ᠶᠢ ᠠᠬᠢᠭᠤᠯᠵᠤ᠂ ᠵᠢᠭᠰᠠᠭᠠᠨ | ᠪᠠᠶᠢᠴᠠᠭᠠᠬᠤ ᠳᠤ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠴᠡᠭᠴᠡᠯᠡᠨ ᠵᠠᠰᠠᠬᠤ ᠳᠤ ᠥᠨᠴᠥᠭ ᠪᠤᠯᠤᠩ ᠦᠯᠡᠳᠡᠭᠡᠬᠦ ᠦᠭᠡᠢ᠂ ᠠᠰᠠᠭᠤᠳᠠᠯ ᠢ ᠪᠦᠬᠦᠨ ᠢ | ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠨ᠎ᠡ᠃ ︵ ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠲᠤᠯᠤᠭ᠎ᠠ︶ ᠠᠶᠤᠯᠲᠠᠢ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠲᠦᠭᠰᠢᠭᠦᠷᠢ ᠶᠢᠨ ᠲᠠᠯᠳᠠ | ᠭᠡᠮ ᠢ ᠰᠡᠷᠭᠡᠶᠢᠯᠡᠨ᠎ᠡ | 1. ᠨᠡᠶᠢᠲᠡᠯᠢᠭ ᠠᠶᠤᠯᠲᠠᠢ ᠬᠠᠶᠠᠭᠳᠠᠮᠠᠯ ᠪᠣᠳᠠᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠲᠠᠢ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢᠳᠤ ᠪᠣᠳᠠᠰ ᠤᠨ ᠡᠮ ᠡᠮᠨᠡᠯᠭᠡ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠥᠩᠭᠡᠲᠦ | ᠲᠡᠮᠦᠷᠯᠢᠭ ᠬᠠᠶᠢᠯᠤᠭᠤᠯᠬᠤ ᠠᠵᠢᠯ ᠲᠥᠷᠥᠯ ᠤᠨ ᠠᠵᠤ ᠠᠬᠤᠶᠢᠯᠠᠯ ᠢ ᠠᠯᠬᠤᠮ ᠠᠯᠬᠤᠮ ᠢᠶᠠᠷ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ | ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠳᠤ ᠣᠷᠣᠭᠤᠯᠵᠤ᠂ ᠬᠠᠶᠠᠭᠳᠠᠮᠠᠯ ᠪᠠᠺᠲ᠋ᠧᠷᠢ ᠶᠢᠨ ᠰᠢᠭᠠᠷᠤ᠂ ᠬᠠᠶᠠᠭᠳᠠᠮᠠᠯ ᠬᠦᠴᠢᠯ᠂ ᠬᠥᠩᠭᠡᠨ ᠴᠠᠭᠠᠨ ᠤ | ᠦᠨᠡᠰᠦ ᠵᠡᠷᠭᠡ ᠠᠶᠤᠯᠲᠠᠢ ᠬᠠᠶᠠᠭᠳᠠᠮᠠᠯ ᠪᠣᠳᠠᠰ ᠤᠨ ᠡᠭᠦᠰᠬᠦ ᠬᠦᠴᠦᠯᠡᠴᠡ ᠶᠢ ᠪᠠᠭᠤᠷᠠᠭᠤᠯᠤᠨ᠎ᠠ᠃ ᠬᠤᠲᠠ ᠶᠢᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ︽︿ᠬᠥᠬᠡᠬᠤᠲᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠠᠵᠤ ᠦᠢᠯᠡᠳᠪᠦᠷᠢ ᠮᠡᠳᠡᠭᠡ | ᠲᠠᠷᠬᠠᠭᠠᠭᠰᠠᠨ ﹇2022﹈ 101 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠶᠠᠭᠳᠠᠮᠠᠯ | ᠪᠠᠺᠲ᠋ᠧᠷᠢ ᠶᠢᠨ ᠰᠢᠭᠠᠷᠤ᠂ ᠬᠠᠶᠠᠭᠳᠠᠮᠠᠯ ᠬᠦᠴᠢᠯ᠂ ᠨᠠᠷᠢᠯᠢᠭ ᠨᠡᠷᠡᠯᠲᠡ ᠶᠢᠨ ᠦᠯᠡᠳᠡᠭᠳᠡᠯ ᠰᠢᠭᠠᠷᠤ ᠵᠡᠷᠭᠡ ᠠᠶᠤᠯᠲᠠᠢ ᠬᠠᠶᠠᠭᠳᠠᠮᠠᠯ ᠪᠣᠳᠠᠰ ᠡᠭᠦᠰᠬᠦ ᠶᠢ | ᠪᠠᠭᠠᠰᠬᠠᠬᠤ ᠪᠠᠷ ᠬᠠᠷᠠᠯᠲᠠ ᠪᠣᠯᠭᠠᠵᠤ᠂ ᠠᠮᠢᠳᠤ ᠪᠣᠳᠠᠰ ᠤᠨ ᠡᠮ ᠡᠮᠨᠡᠯᠭᠡ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ ᠵᠢᠴᠢ | ᠾᠯᠣᠷ ᠱᠦᠯᠲᠦ ᠵᠡᠷᠭᠡ ᠬᠠᠶᠠᠭᠳᠠᠮᠠᠯ ᠪᠤᠳᠠᠰ ᠭᠠᠷᠭᠠᠬᠤ ᠭᠤᠣᠯᠳᠠᠯᠭ᠎ᠠ ᠲᠠᠢ ᠠᠵᠢᠯ ᠲᠥᠷᠥᠯ ᠢ ᠬᠥᠲᠥᠯᠥᠨ ᠵᠢᠯᠤᠭᠤᠳᠴᠤ ᠤᠷ᠎ᠠ ᠮᠡᠷᠭᠡᠰᠢᠯ ᠤᠨ | ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ ᠴᠠᠩ ᠱᠧᠩ ᠡᠮ ᠦᠶᠯᠡᠳᠬᠦ᠂ ᠮᠧᠩ | ᠯᠢᠶᠠᠨ ᠴᠢᠯᠠᠭᠤᠨ ᠲᠣᠰᠣ᠂ ᠳ᠋ᠠ ᠲᠠᠩ ᠬᠦᠩᠭᠡᠨ ᠴᠠᠭᠠᠨ ᠴᠠᠬᠢᠯᠭᠠᠨ ᠵᠡᠷᠭᠡ ᠥᠪᠡᠷᠲᠡᠭᠡᠨ ᠠᠰᠢᠭᠯᠠᠵᠤ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ | ᠪᠠᠶᠢᠭᠤᠯᠤᠭᠰᠠᠨ ᠬᠠᠶᠠᠭᠳᠠᠮᠠᠯ ᠪᠤᠳᠠᠰ ᠭᠠᠷᠭᠠᠬᠤ ᠠᠵᠤ ᠠᠬᠤᠶᠢᠯᠠᠯ᠂ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯᠲᠠᠢ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠪᠠᠨ ᠴᠢᠩᠭᠠᠳᠬᠠᠨ᠂ ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠲᠡᠮᠳᠡᠭᠯᠡᠯ ᠢ ᠰᠠᠶᠢᠲᠤᠷ | ᠬᠢᠬᠦ ᠬᠡᠷᠡᠭᠲᠡᠢ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ︶ | 2. ᠬᠤᠷᠢᠶᠠᠵᠤ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠶᠤᠯᠲᠠᠢ ᠬᠠᠶᠠᠭᠳᠠᠮᠠᠯ ᠪᠣᠳᠠᠰ ᠢ ᠵᠢᠷᠤᠮᠵᠢᠭᠤᠨ ᠴᠤᠭᠯᠠᠭᠤᠯᠬᠤ ᠶᠢ | ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠲᠤᠷᠰᠢᠯᠲᠠ ᠶᠢᠨ ᠬᠡᠷᠡᠭᠵᠢᠭᠦᠯᠬᠦ ᠲᠥᠰᠥᠯ﹀ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠣᠷᠴᠢᠨ ᠠᠯᠪᠠᠨ ﹇2022﹈ 239 ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠵᠤ᠂ ᠵᠢᠵᠢᠭ | ᠪᠢᠴᠢᠯ ᠠᠵᠤ ᠠᠬᠤᠶᠢᠯᠠᠯ ᠨᠡᠯᠢᠶᠡᠳ ᠲᠥᠪᠯᠡᠷᠡᠭᠰᠡᠨ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ᠂ ᠬᠤᠷᠢᠨᠭᠡᠷ ᠰᠢᠶᠠᠨ ᠪᠠ ᠲᠦᠮᠡᠳ ᠵᠡᠭᠦᠨ | ᠬᠤᠰᠢᠭᠤᠨ ᠳᠤ ᠲᠤᠷᠰᠢᠯᠲᠠ ᠶᠢᠨ ᠨᠢᠭᠡᠴᠢ ᠶᠢ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠲᠤᠷᠰᠢᠯᠲᠠ ᠶᠢᠨ ᠨᠢᠭᠡᠴᠢ ᠶᠢᠨ ᠴᠤᠭᠯᠠᠭᠤᠯᠬᠤ ᠲᠥᠷᠥᠯ ᠵᠦᠢᠯ | ᠪᠠ ᠬᠡᠪᠴᠢᠶ᠎ᠡ ᠶᠢ ᠲᠣᠳᠣᠷᠬᠠᠶᠢᠯᠠᠵᠤ᠂ ᠣᠷᠴᠢᠨ ᠲᠣᠭᠤᠷᠢᠨ ᠤ ᠦᠨᠡᠯᠡᠯᠲᠡ ᠶᠢᠨ ᠬᠠᠮᠢᠶᠠᠷᠤᠯᠲᠠ ᠯᠤᠭ᠎ᠠ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠬᠤ ᠶᠢ ᠠᠬᠢᠭᠤᠯᠤᠨ᠎ᠠ᠃ ᠴᠤᠭᠯᠠᠭᠤᠯᠬᠤ ᠲᠤᠷᠰᠢᠯᠲᠠ ᠶᠢᠨ ᠨᠢᠭᠡᠴᠢ ᠨᠦᠭᠦᠳ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ | ᠪᠠ ᠡᠬᠡ ᠲᠠᠩᠰᠠ ᠶᠢ ᠵᠢᠷᠤᠮᠵᠢᠭᠤᠯᠤᠨ ᠪᠠᠶᠢᠭᠤᠯᠬᠤ᠂ ᠠᠶᠤᠯᠲᠠᠢ ᠬᠠᠶᠠᠭᠳᠠᠮᠠᠯ ᠪᠣᠳᠠᠰ ᠤᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠮᠡᠳᠡᠭᠦᠯᠬᠦ ᠵᠡᠷᠭᠡ ᠶᠢ | ᠪᠠᠭᠲᠠᠭᠠᠭᠰᠠᠨ ᠬᠠᠶᠠᠭᠳᠠᠮᠠᠯ ᠪᠤᠳᠠᠰ ᠭᠠᠷᠭᠠᠬᠤ ᠬᠥᠮᠥᠨ ᠤ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠶᠠᠭᠳᠠᠮᠠᠯ ᠬᠠᠷ᠎ᠠ ᠲᠤᠭᠤᠯᠭᠠᠨ ᠳ᠋ᠢᠶᠠᠨ ᡂᠢ ᠶᠢ ᠲᠥᠪᠯᠡᠷᠡᠭᠦᠯᠦᠨ ᠴᠤᠭᠯᠠᠭᠤᠯᠬᠤ ᠪᠠ ᠣᠷᠣᠨ ᠪᠦᠰᠡ ᠠᠯᠤᠰᠯᠠᠨ ᠳᠠᠮᠵᠢᠭᠤᠯᠤᠨ ᠲᠡᠭᠡᠭᠡᠪᠦᠷᠢᠯᠡᠬᠦ | ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠣᠷᠴᠢᠨ ᠠᠯᠪᠠᠨ ﹇2022﹈ 6 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠨᠢᠭᠡᠴᠢ ᠶᠢᠨ ᠲᠤᠷᠰᠢᠯᠲᠠ ᠶᠢᠨ ᠠᠵᠢᠯ ᠳᠤ ᠣᠷᠤᠯᠴᠠᠬᠤ ᠶᠢ | ᠵᠣᠷᠢᠭᠵᠢᠭᠤᠯᠵᠤ᠂ ᠪᠣᠷᠤᠯᠠᠭᠤᠯᠭ᠎ᠠ ᠶᠢᠨ ᠲᠣᠣᠷ ᠴᠡᠭ᠂ ᠮᠠᠰᠢᠨᠲᠤ ᠲᠡᠷᠭᠡᠨ ᠤ 4S ᠳᠡᠯᠭᠡᠭᠦᠷ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ | ᠪᠣᠷᠣᠯᠠᠭᠤᠯᠬᠤ ᠴᠡᠭ ︵ᠰᠡᠯᠪᠢᠨ ᠵᠠᠰᠠᠬᠤ ᠴᠡᠭ︶ ᠲᠤ ᠲᠦᠰᠢᠭᠯᠡᠨ ᠬᠤᠷᠢᠶᠠᠨ ᠠᠪᠬᠤ ᠲᠣᠣᠷ ᠴᠡᠭ ᠪᠠᠶᠢᠭᠤᠯᠵᠤ᠂ ᠬᠤᠷᠢᠶᠠᠨ ᠴᠤᠭᠯᠠᠭᠤᠯᠬᠤ ᠲᠣᠣᠷ ᠢ | ᠲᠡᠭᠦᠯᠳᠡᠷᠵᠢᠭᠦᠯᠬᠦ ᠬᠡᠷᠡᠭᠲᠡᠢ᠃ ᠬᠠᠷ᠎ᠠ ᠲᠤᠭᠤᠯᠭᠠᠨ ᠳ᠋ᠢᠶᠠᠨ ᡂᠢ ᠶᠢᠨ ᠲᠤᠷᠰᠢᠯᠲᠠ ᠶᠢᠨ ᠨᠢᠭᠡᠴᠢ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠴᠤ᠂ ᠬᠠᠷ᠎ᠠ ᠲᠤᠭᠤᠯᠭᠠᠨ ᠳ᠋ᠢᠶᠠᠨ ᡂᠢ ᠶᠢ ᠬᠤᠷᠢᠶᠠᠨ ᠴᠤᠭᠯᠠᠭᠤᠯᠬᠤ᠂ | ᠬᠠᠳᠠᠭᠠᠯᠠᠬᠤ ᠠᠵᠢᠯᠯᠠᠭ᠎ᠠ ᠶᠢ ᠵᠢᠷᠤᠮᠵᠢᠭᠤᠨ ᠥᠷᠨᠢᠭᠦᠯᠬᠦ ᠬᠡᠷᠡᠭᠲᠡᠢ᠂ ᠨᠥᠬᠦᠴᠡᠯ ᠳᠤ ᠨᠡᠶᠢᠴᠡᠭᠰᠡᠨ ᠢ ᠠᠶᠤᠯᠲᠠᠢ ᠬᠠᠶᠠᠭᠳᠠᠮᠠᠯ ᠪᠣᠳᠠᠰ ᠢ ᠰᠢᠯᠵᠢᠭᠦᠯᠬᠦ᠂ | ᠲᠡᠭᠡᠭᠡᠪᠦᠷᠢᠯᠡᠬᠦ ᠱᠠᠭᠠᠷᠳᠠᠯᠭ᠎ᠠ ᠠᠴᠠ ᠬᠡᠯᠲᠦᠷᠢᠭᠦᠯᠵᠦ ᠪᠣᠯᠣᠨ᠎ᠠ᠃ ᠪᠣᠶᠢᠲᠠ ᠪᠦᠭᠯᠡᠭᠦᠦ ᠪᠥᠭᠡᠳ ᠬᠥᠮᠥᠨ ᠠᠮᠠ ᠴᠥᠭᠡᠨ ᠦᠴᠦᠸᠠᠨ ᠰᠢᠶᠠᠨ ᠪᠠ ᠴᠢᠩ ᠱᠦᠢ | ᠾᠧ ᠰᠢᠶᠠᠨ ᠳᠤ ᠬᠠᠨᠳᠤᠭᠤᠯᠤᠨ᠂ ︽ᠪᠠᠯᠭᠠᠰᠤᠨ ᠳᠡᠭᠡᠷ᠎ᠡ ᠴᠤᠭᠯᠠᠭᠤᠯᠵᠤ᠂ ᠰᠢᠶᠠᠨ ᠳᠡᠭᠡᠷ᠎ᠡ ᠬᠠᠳᠠᠭᠠᠯᠠᠵᠤ᠂ ᠬᠤᠳᠠ ᠠᠴᠠ ᠳᠠᠮᠵᠢᠭᠤᠯᠤᠨ ᠲᠡᠭᠡᠭᠡᠪᠦᠷᠢᠯᠡᠬᠦ︾ | ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ 2025 ᠣᠨ ᠪᠣᠯᠬᠤ ᠳᠤ᠂ ᠪᠥᠬᠦ ᠬᠤᠲᠠ ᠶᠢᠨ | ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠬᠥᠳᠡᠭᠡ ᠲᠣᠰᠬᠤᠨ ᠤ | ᠭᠠᠵᠠᠷ ᠣᠷᠣᠨ ᠳᠤ ᠪᠦᠷᠬᠦᠭᠦᠯᠬᠦ ᠪᠠᠷ ᠴᠢᠷᠮᠠᠶᠢᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮᠵᠢ ᠶᠢᠨ | ᠪᠦᠷᠬᠦᠴᠡ ᠶᠢ 100% ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠬᠤᠸᠠ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠤᠷᠢᠶᠠᠨ ᠠᠰᠢᠭᠯᠠᠵᠤ ᠵᠢᠯ ᠳᠤ 10 ᠲᠦᠮᠡᠨ ᠲᠣᠨ ᠳᠠᠬᠢᠯᠲᠠ ᠲᠤᠭᠤᠯᠭ᠎ᠠ ᠦᠢᠯᠡᠳᠪᠦᠷᠢᠯᠡᠬᠦ ᠲᠥᠷᠥᠯ ᠵᠦᠢᠯ᠂ ᠥᠪᠥᠷ | ᠮᠣᠩᠭᠤᠯ ᠤᠨ ᠮᠧᠩ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠳᠠᠬᠢᠨ ᠠᠰᠢᠭᠯᠠᠬᠤ ᠲᠥᠷᠥᠯ ᠵᠦᠢᠯ ᠵᠡᠷᠭᠡ ᠶᠢ ᠪᠠᠶᠢᠭᠤᠯᠵᠤ ᠳᠠᠭᠤᠰᠬᠠᠬᠤ ᠶᠢ ᠠᠬᠢᠭᠤᠯᠵᠤ᠂ ᠬᠠᠶᠠᠭᠳᠠᠮᠠᠯ ᠬᠠᠷ᠎ᠠ | ᠲᠤᠭᠤᠯᠭᠠᠨ ᠳ᠋ᠢᠶᠠᠨ ᡂᠢ᠂ ᠬᠠᠶᠠᠭᠳᠠᠮᠠᠯ ᠲᠦᠷᠭᠡᠳᠬᠡᠭᠦᠷ ᠪᠠ ᠬᠠᠶᠠᠭᠳᠠᠮᠠᠯ ᠬᠦᠬᠦᠷ ᠬᠦᠴᠢᠯ ᠵᠡᠷᠭᠡ ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠷᠢᠨᠭᠡᠷ ᠰᠢᠶᠠᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠡᠭᠦᠯᠦᠨ ᠬᠤᠷᠢᠶᠠᠨ ᠠᠪᠴᠤ ᠪᠣᠯᠬᠤ | ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠲᠠ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠰᠢᠩᠭᠡᠨ ᠶᠡᠭᠦᠯᠡᠬᠦ ᠯᠣᠩᠬᠤ ︵ᠤᠭᠤᠲᠠ︶ ᠶᠢ ᠪᠥᠬᠦ ᠬᠡᠮᠵᠢᠶ᠎ᠡ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠬᠥᠬᠡᠬᠤᠲᠠ ᠶᠢᠨ | ᠠᠶᠤᠯᠲᠠᠢ ︵ᠡᠮᠴᠢᠯᠡᠭᠡᠨ ᠤ︶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠰᠢᠯᠵᠢᠭᠦᠯᠵᠦ ᠪᠣᠯᠬᠤ ᠪᠡᠯᠡᠳᠬᠡᠮᠵᠢ᠂ ᠠᠶᠤᠯᠲᠠᠢ ᠬᠠᠶᠠᠭᠳᠠᠮᠠᠯ ᠪᠣᠳᠠᠰ ᠢ ᠰᠢᠲᠠᠭᠠᠬᠤ ᠪᠡᠯᠡᠳᠬᠡᠮᠵᠢ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠡᠯᠡᠳᠬᠡᠮᠵᠢ | ᠂ ᠠᠵᠤ ᠦᠢᠯᠡᠳᠪᠦᠷᠢ ᠶᠢᠨ ᠵᠤᠤᠬ᠎ᠠ ᠵᠡᠷᠭᠡ ᠶᠢ ᠬᠦᠨᠳᠦ ᠬᠡᠴᠡᠭᠦᠦ ᠬᠢᠵᠢᠭ ᠤᠨ ᠪᠠᠶᠢᠳᠠᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠵᠤ᠂ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠴᠢᠯᠡᠭᠡᠨ ᠤ ᠪᠣᠳᠠᠰ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠬᠢ ᠪᠠᠶᠠᠯᠢᠭ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠪᠠᠶᠢᠳᠠᠯ ᠤᠨ ᠬᠠᠮᠢᠶᠠᠷᠤᠯᠲᠠ ᠶᠢᠨ ᠴᠤᠪᠤᠷᠠᠯ ᠪᠠ ᠳᠦᠷᠢᠮ ᠢ ᠲᠣᠳᠣᠷᠬᠠᠢ ᠲᠣᠭᠲᠠᠭᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︶ | 4. ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠃ ᠠᠶᠤᠯᠲᠠᠢ ᠬᠠᠶᠠᠭᠳᠠᠮᠠᠯ ᠪᠣᠳᠠᠰ ᠢ ᠬᠠᠮᠢᠶᠠᠷᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠨ᠎ᠠ᠃ ᠠᠮᠢ ᠠᠬᠤᠢ ᠣᠷᠴᠢᠨ | ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠪᠠ | ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠤᠮᠠᠷᠠᠲᠤ ᠣᠷᠣᠨ ᠤ ᠠᠶᠤᠯᠲᠠᠢ ᠬᠠᠶᠠᠭᠳᠠᠮᠠᠯ ᠪᠣᠳᠠᠰ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ︾ ᠤᠨ ᠪᠣᠷᠣ ᠲᠥᠯᠥᠪ ᠤᠨ ᠳᠣᠣᠷ᠎ᠠ᠂ ᠬᠥᠬᠡᠬᠤᠲᠠ ᠶᠢᠨ ᠡᠬᠢ ᠪᠠᠶᠠᠯᠢᠭᠵᠢᠭᠤᠯᠤᠨ | ᠠᠰᠢᠭᠯᠠᠵᠤ ᠪᠣᠯᠬᠤ ᠠᠶᠤᠯᠲᠠᠢ ᠬᠠᠶᠠᠭᠳᠠᠮᠠᠯ ᠪᠣᠳᠠᠰ ᠢ ︽ᠨᠡᠷᠡᠰ ᠤᠨ ᠴᠠᠭᠠᠨ ᠲᠠᠩᠰᠠ︾ ᠳᠤ ᠣᠷᠣᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠠᠶᠤᠯᠲᠠᠢ | ᠬᠠᠶᠠᠭᠳᠠᠮᠠᠯ ᠪᠣᠳᠠᠰ ᠢ ᠰᠢᠯᠵᠢᠭᠦᠯᠦᠨ ᠠᠰᠢᠭᠯᠠᠬᠤ ᠶᠢ ᠠᠬᠢᠭᠤᠯᠤᠨ᠎ᠠ᠃ ︽ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠪᠠ | ᠬᠠᠮᠢᠶᠠᠷᠤᠯᠲᠠ ᠶᠢᠨ ᠡᠬᠡ ᠲᠠᠩᠰᠠ ᠲᠣᠭᠲᠠᠭᠠᠬᠤ ᠮᠡᠷᠭᠡᠵᠢᠯ ᠤᠨ ᠵᠢᠯᠤᠭᠤᠳᠬᠤ ᠳᠦᠷᠢᠮ︾ ︵HJ1259 ︱ 2022︶ ᠢ ᠨᠠᠶᠢᠳᠠᠪᠤᠷᠢᠵᠢᠭᠤᠯᠵᠤ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠯᠣᠭᠤᠳᠤᠨ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠪᠠ ᠡᠬᠡ ᠲᠠᠩᠰᠠ ᠶᠢ | ᠵᠢᠷᠤᠮᠵᠢᠭᠤᠨ ᠲᠣᠭᠲᠠᠭᠠᠵᠤ᠂ ᠠᠶᠤᠯᠲᠠᠢ ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠮᠡᠳᠡᠭᠦᠯᠬᠦ ᠠᠵᠢᠯ ᠢ ᠴᠠᠭ ᠲᠤᠬᠠᠢ ᠳᠤᠨᠢ ᠥᠷᠨᠢᠭᠦᠯᠵᠦ᠂ | ᠮᠡᠳᠡᠭᠦᠯᠬᠦ ᠶᠣᠰᠣᠲᠠᠢ ᠶᠢ ᠪᠦᠬᠦᠨ ᠢ ᠮᠡᠳᠡᠭᠦᠯᠬᠦ ᠬᠡᠷᠡᠭᠲᠡᠢ᠃ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ ᠪᠣᠳᠠᠰ ᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠲᠡᠷᠭᠡ ᠶᠢ ᠰᠡᠯᠪᠢᠨ ᠵᠠᠰᠠᠬᠤ ᠪᠠ ᠵᠠᠳᠠᠯᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠯᠥᠪᠯᠡᠭᠡ ᠪᠠ ᠡᠬᠡ | ᠲᠠᠩᠰᠠ ᠲᠣᠭᠲᠠᠭᠠᠬᠤ ᠶᠢ ᠠᠬᠢᠭᠤᠯᠵᠤ᠂ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠲᠠᠰᠤᠷᠠᠯᠲᠠ ᠦᠭᠡᠢ | ᠵᠢᠷᠤᠮᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 5. ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠲᠠᠢ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠲᠠᠢ ᠬᠠᠶᠠᠭᠳᠠᠮᠠᠯ ᠪᠣᠳᠠᠰ ᠭᠠᠷᠭᠠᠬᠤ ᠬᠡᠮᠵᠢᠶ᠎ᠡ ᠨᠢ 100 ᠲᠣᠨ ᠠᠴᠠ ᠳᠡᠭᠡᠭᠰᠢ ᠠᠵᠤ ᠠᠬᠤᠶᠢᠯᠠᠯ ᠵᠢᠴᠢ | ᠠᠶᠤᠯᠲᠠᠢ ᠬᠠᠶᠠᠭᠳᠠᠮᠠᠯ ᠪᠣᠳᠠᠰ ᠤᠨ ᠡᠵᠡᠩᠨᠡᠯᠲᠡ ᠶᠢᠨ ᠨᠢᠭᠡᠴᠢ ᠳᠤ ᠡᠯᠧᠺᠲᠷᠣᠨ ᠭᠠᠵᠠᠷ ᠵᠢᠩᠯᠡᠭᠦᠷ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ | ᠡᠯᠧᠺᠲᠷᠣᠨ ᠲᠡᠮᠳᠡᠭ ᠵᠡᠷᠭᠡ ᠬᠤᠷᠠᠮᠠᠯ ᠣᠶᠤᠨᠴᠢ ᠬᠢᠨᠠᠨ ᠡᠵᠡᠮᠳᠡᠬᠦ ᠠᠷᠭ᠎ᠠ ᠪᠠᠷᠢᠯ ᠢ ᠬᠡᠷᠡᠭᠵᠢᠭᠦᠯᠬᠦ ᠶᠢᠨ ᠬᠠᠮᠲᠤ ᠬᠤᠲᠠ ᠶᠢᠨ ᠠᠮᠢ ᠠᠬᠤᠢ ᠣᠷᠴᠢᠨ | ᠲᠣᠭᠤᠷᠢᠨ ᠤ ᠰᠠᠯᠠᠭ᠎ᠠ ᠮᠥᠴᠢᠷ ᠯᠦᠭᠡ ᠰᠦᠯᠵᠢᠶᠡᠨ ᠳᠤ ᠬᠤᠯᠪᠣᠬᠤ ᠬᠡᠷᠡᠭᠲᠡᠢ᠃ ᠪᠥᠬᠦ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠭᠠᠷᠬᠤ | ᠪᠠᠶᠢᠭᠤᠯᠤᠮᠵᠢ ᠶᠢ ᠬᠥᠬᠡᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ | ᠣᠷᠣᠭᠤᠯᠬᠤ ᠶᠢ ᠠᠬᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ᠪᠦᠷᠢᠳᠬᠡᠬᠦ ᠪᠠᠷᠢᠮᠵᠢᠶ᠎ᠠ ᠶᠢ ᠨᠢᠭᠡᠳᠬᠡᠵᠦ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ | ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠦᠢᠯᠡᠳᠦᠯᠭᠡᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠤᠯᠤᠰ ᠲᠥᠷᠥ ᠶᠢᠨ ᠡᠭᠦᠷᠭᠡ | ᠪᠣᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠪᠣᠯᠣᠨ ᠡᠯ᠎ᠡ | ᠰᠠᠯᠠᠭ᠎ᠠ ᠮᠥᠴᠢᠷ ᠬᠤᠭᠤᠷᠣᠨᠳᠤ ᠪᠠᠨ ᠨᠢᠭᠡᠳᠦᠯᠲᠡᠢ ᠲᠠᠨᠢᠯᠲᠠ ᠲᠠᠢ ᠪᠣᠯᠬᠤ ᠶᠢ ᠲᠦᠯᠬᠢᠨ ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ | ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠲᠦᠯᠬᠢᠨ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ ᠶᠢᠨ ᠤᠳᠤᠷᠢᠳᠬᠤ ᠳᠤᠭᠤᠶᠢᠯᠠᠩ ᠪᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ | ᠠᠬᠢᠭᠤᠯᠬᠤ ᠠᠯᠪᠠᠨ ᠭᠡᠷ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠡᠭᠦᠷᠭᠡ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ︽ | ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠦᠷ᠎ᠡ ᠪᠦᠲᠦᠮᠵᠢᠲᠡᠶ ᠲᠦᠯᠬᠢᠨ | ᠠᠬᠢᠭᠤᠯᠤᠨ᠎ᠠ᠃ | ︵ᠬᠤᠶᠠᠷ︶ ᠮᠡᠷᠭᠡᠵᠢᠯ ᠤᠨ ᠳᠡᠮᠵᠢᠯᠭᠡ ᠶᠢ ᠴᠢᠩᠭᠠᠳᠬᠠᠨ᠎ᠠ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ | ᠵᠡᠷᠭᠡ ᠭᠠᠳᠠᠭᠠᠳᠤ ᠣᠶᠤᠨ ᠤ ᠬᠥᠮᠥᠷᠭᠡ ᠶᠢᠨ ᠬᠦᠴᠦᠨ ᠢ ᠭᠦᠢᠴᠡᠳ ᠠᠰᠢᠭᠯᠠᠨ᠂ ᠡᠯ᠎ᠡ ᠬᠦᠷᠢᠶ᠎ᠡ ᠴᠠᠷᠠᠭ᠎ᠠ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ᠂ ᠲᠠᠷᠢᠶᠠᠯᠠᠩ ᠤᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠠᠶᠤᠯᠲᠠᠢ | ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ ᠵᠡᠷᠭᠡ ᠲᠠᠯ᠎ᠠ ᠪᠠᠷ ᠰᠢᠨ᠎ᠡ ᠮᠡᠷᠭᠡᠵᠢᠯ ᠰᠢᠨ᠎ᠡ ᠤᠷ᠎ᠠ ᠮᠡᠷᠭᠡᠰᠢᠯ ᠢ ᠰᠤᠳᠤᠯᠤᠨ ᠨᠡᠭᠡᠭᠡᠬᠦ ᠡᠷᠴᠢᠮ ᠢ | ᠴᠢᠩᠭᠠᠷᠠᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠵᠦ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ ᠳᠡᠭᠡᠳᠦ ᠨᠠᠷᠢᠯᠢᠭ ᠣᠷᠣᠶᠢᠯᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ | ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠳᠠᠬᠢ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠪᠠ ᠭᠠᠵᠠᠷ ᠣᠷᠣᠨ ᠤ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ | ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢ ᠲᠦᠯᠬᠢᠨ ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ | ᠲᠥᠯᠥᠪᠯᠡᠬᠦ ᠡᠷᠴᠢᠮ ᠢ ᠴᠢᠩᠭᠠᠷᠠᠭᠤᠯᠵᠤ᠂ ᠨᠤᠨᠳᠠᠭ ᠨᠡᠭᠦᠷᠡᠰᠦᠨ ᠤ ᠦᠨᠡᠰᠦ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ | ᠭᠤᠣᠯᠳᠠᠯᠭ᠎ᠠ ᠲᠠᠢ ᠬᠦᠷᠢᠶ᠎ᠡ ᠶᠢ ᠲᠥᠪᠯᠡᠷᠡᠭᠦᠯᠦᠨ ᠳᠡᠮᠵᠢᠨ᠎ᠡ᠃ ᠭᠠᠵᠠᠷ ᠰᠢᠷᠣᠢ᠂ ᠲᠥᠯᠦᠪᠵᠢᠭᠦᠯᠭᠡ᠂ ᠮᠥᠩᠭᠦᠨ ᠭᠦᠢᠯᠭᠡᠭᠡ ᠵᠡᠷᠭᠡ ᠤᠯᠠᠨ ᠵᠦᠢᠯ ᠤᠨ | ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠂ ᠪᠡᠯᠡ ᠣᠷᠣᠭᠤᠯᠵᠤ ᠪᠡᠯᠡ | ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠥᠷᠥᠩᠭᠡ ᠶᠢᠨ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠮᠡᠷᠭᠡᠵᠢᠯ ᠤᠨ | ᠰᠤᠳᠤᠯᠤᠨ ᠨᠡᠭᠡᠭᠡᠬᠦ ᠬᠦᠷᠢᠶᠡᠨ ᠳᠤ ᠣᠷᠣᠬᠤ ᠶᠢ ᠵᠣᠷᠢᠭᠵᠢᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ | ᠰᠦᠯᠵᠢᠶᠡᠨ ᠳᠡᠭᠡᠷᠡᠬᠢ ᠲᠠᠪᠴᠠᠩ ᠪᠠ ᠰᠦᠯᠵᠢᠶᠡᠨ ᠭᠠᠳᠠᠨᠠᠬᠢ ᠵᠠᠭᠤᠴᠢᠯᠠᠭᠤᠷ ᠢ ᠭᠦᠢᠴᠡᠳ ᠠᠰᠢᠭᠯᠠᠨ᠂ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ | ᠨᠡᠶᠢᠭᠡᠮ ᠲᠣᠭᠤᠷᠢᠭ᠂ ᠠᠵᠤ ᠠᠬᠤᠶᠢᠯᠠᠯ ᠵᠡᠷᠭᠡ ᠳᠤ ᠬᠠᠨᠳᠤᠭᠤᠯᠤᠨ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠭᠤᠣᠯ ᠰᠡᠳᠦᠪᠲᠦ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠣᠬᠢᠷᠳᠤᠯ ᠦᠭᠡᠢ ᠠᠮᠢᠳᠤᠷᠠᠯ ᠪᠠ ᠬᠡᠷᠡᠭᠯᠡᠭᠡᠨ ᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ | ᠠᠭᠤᠯᠭ᠎ᠠ ᠶᠢ ᠤᠳᠤᠷᠢᠳᠬᠤ ᠺᠠᠳ᠋ᠷᠴᠤᠳ ᠤᠨ ᠪᠣᠯᠪᠠᠰᠤᠷᠠᠭᠤᠯᠤᠯ ᠵᠢᠴᠢ ᠬᠤᠲᠠ ᠶᠢᠨ ᠠᠷᠠᠳ ᠤᠨ ᠬᠥᠮᠦᠵᠢᠯ ᠤᠨ ᠰᠢᠰᠲ᠋ᠧᠮᠵᠢ ᠳᠤ ᠣᠷᠣᠭᠤᠯᠤᠨ᠎ᠠ᠃ ᠬᠠᠤᠯᠢ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠢ ᠪᠣᠯᠭᠠᠵᠤ᠂ ︽ᠬᠠᠶᠠᠭᠳᠠᠮᠠᠯ | ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠲᠡᠷᠢᠭᠦᠨ ᠤ ᠨᠢᠭᠡᠴᠢ ᠪᠠ ᠲᠡᠷᠢᠭᠦᠨ ᠤ ᠬᠤᠪᠢ | ᠬᠥᠮᠥᠨ ᠢ ᠥᠷᠭᠡᠨ ᠢᠶᠠᠷ ᠤᠬᠠᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠳᠤ ᠣᠯᠣᠭᠰᠠᠨ ᠲᠣᠪᠣᠶᠢᠮ᠎ᠠ ᠠᠮᠵᠢᠯᠲᠠ | ᠪᠦᠲᠦᠮᠵᠢ ᠪᠠ ᠴᠢᠬᠤᠯᠠ ᠲᠤᠷᠰᠢᠯᠭ᠎ᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ | ᠳᠠᠭᠠᠯᠳᠤᠭᠤᠯᠤᠯ᠄ 1. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠥᠬᠦ ᠶᠠᠪᠤᠴᠠ ᠶᠢᠨ ᠰᠢᠯᠵᠢᠯᠲᠡ ᠶᠢᠨ ᠵᠠᠳᠠᠯᠤᠯᠲᠠ ᠶᠢᠨ ᠵᠢᠷᠤᠭ | 2. ᠲᠠᠷᠢᠶᠠᠯᠠᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠰᠢᠯᠵᠢᠯᠲᠡ ᠶᠢᠨ ᠵᠠᠳᠠᠯᠤᠯᠲᠠ ᠶᠢᠨ ᠵᠢᠷᠤᠭ | 3. ᠠᠮᠢᠳᠤᠷᠠᠯ ᠠᠴᠠ ᠢᠷᠡᠯᠲᠡ ᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠰᠢᠯᠵᠢᠯᠲᠡ ᠶᠢᠨ ᠵᠠᠳᠠᠯᠤᠯᠲᠠ ᠶᠢᠨ ᠵᠢᠷᠤᠭ | 4. ᠠᠶᠤᠯᠲᠠᠢ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠰᠢᠯᠵᠢᠯᠲᠡ ᠶᠢᠨ ᠵᠠᠳᠠᠯᠤᠯᠲᠠ ᠶᠢᠨ ᠵᠢᠷᠤᠭ | 5. ᠡᠭᠦᠷᠭᠡ ᠶᠢᠨ ᠨᠠᠷᠢᠨ ᠬᠠᠭᠤᠳᠠᠰᠤ | 6. ᠲᠥᠷᠥᠯ ᠵᠦᠢᠯ ᠤᠨ ᠨᠠᠷᠢᠨ ᠬᠠᠭᠤᠳᠠᠰᠤ | ᠳᠥᠭᠦᠮᠴᠢᠯᠡᠪᠡ ᠁ | | | |