ᠬᠠᠭᠤᠴᠢ ᠪᠤᠳᠠᠰ ᠠᠴᠠ ᠰᠣᠶᠣᠯ ᠤᠨ ᠮᠥᠷ ᠢ ᠬᠠᠶᠢᠵᠤ ᠲᠡᠥᠭᠡᠨ ᠮᠦᠽᠧᠢ ᠠᠴᠠ ᠬᠦᠬᠡᠬᠤᠲᠠ ᠶᠢ ᠬᠠᠷᠠᠨ᠎ᠠ
ᠨᠡᠶᠢᠲᠡᠯᠡᠭᠰᠡᠨ ᠴᠠᠭ᠄
2023/5/16
ᠲᠠᠪᠤᠨ ᠰᠤᠪᠤᠷᠭ᠎ᠠ ᠶᠢᠨ ᠳᠣᠲᠣᠷ ᠬᠡᠷᠡᠮ ᠤᠨ ᠵᠢᠷᠤᠭ
ᠴᠠᠭᠠᠨ ᠰᠤᠪᠤᠷᠭ᠎ᠠ ᠶᠢᠨ ᠨᠠᠷᠢᠯᠢᠭ ᠬᠢᠴᠡ ᠲᠠᠢ ᠬᠡᠷᠡᠮ ᠤᠨ ᠵᠢᠷᠤᠭ ᠰᠡᠶᠢᠯᠦᠮᠡᠯ
ᠭᠦᠩᠵᠦ ᠶᠢᠨ ᠣᠷᠳᠣᠨ ᠤ ᠳᠣᠲᠣᠷ᠎ᠠ
ᠵᠠᠩᠵᠤᠨ ᠤ ᠶᠠᠮᠤᠨ
ᠵᠣᠣ ᠵᠢᠶᠦ᠋ᠨ ᠮᠦᠽᠧᠢ ᠶᠢᠨ ᠦᠵᠡᠮᠦᠷᠢ 
ᠬᠥᠬᠡᠬᠤᠲᠠ ᠶᠢᠨ ᠮᠦᠽᠧᠢ ᠶᠢᠨ ᠳᠤᠷᠠᠰᠬᠠᠯᠲᠤ ᠵᠦᠢᠯᠡᠰ     ᠳᠡᠯᠡᠬᠡᠢ ᠶᠢᠨ ᠮᠦᠽᠧᠢ ᠶᠢᠨ ᠡᠳᠦᠷ ᠪᠣᠯᠣᠨ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠬᠦᠷᠴᠦ ᠢᠷᠡᠬᠦ ᠲᠠᠰᠢᠷᠠᠮ ᠪᠤᠶᠤ 5 ᠳ᠋ᠤᠭᠠᠷ ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠤᠭᠰᠠᠨ ︽ᠣᠷᠣᠨ ᠤ ᠲᠥᠪ ᠢ ᠬᠦᠴᠦᠷᠬᠡᠭᠵᠢᠭᠦᠯᠬᠦ ᠴᠢᠳᠠᠪᠤᠷᠢ ᠶᠢᠨ ᠲᠡᠰ ᠢ ᠬᠦᠴᠦᠷᠬᠡᠭᠵᠢᠭᠦᠯᠬᠦ︾︱ ᠬᠤᠳᠠ ᠶᠢᠨ ᠰᠣᠶᠣᠯ ᠤᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠵᠦ ᠣᠷᠣᠨ ᠤ ᠲᠥᠪ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︱ ︽ᠬᠠᠭᠤᠴᠢ ᠪᠤᠳᠠᠰ ᠠᠴᠠ ᠰᠣᠶᠣᠯ ᠤᠨ ᠮᠥᠷ ᠢ ᠬᠠᠶᠢᠵᠤ ᠲᠡᠥᠭᠡᠨ ᠮᠦᠽᠧᠢ ᠠᠴᠠ ᠬᠦᠬᠡᠬᠤᠲᠠ ᠶᠢ ᠬᠠᠷᠠᠨ᠎ᠠ︾ ᠲᠥᠪᠯᠡᠷᠡᠭᠦᠯᠦᠨ ᠰᠤᠷᠪᠤᠯᠵᠢᠯᠠᠬᠤ ᠠᠵᠢᠯᠯᠠᠭ᠎ᠠ ᠬᠥᠬᠡᠬᠤᠲᠠ ᠶᠢᠨ ᠮᠦᠽᠧᠢ ᠶᠢᠨ ᠡᠯ᠎ᠡ ᠲᠣᠮᠣ ᠣᠷᠳᠣᠨ ᠳᠤ ᠬᠦᠷᠴᠦ᠂ ᠬᠥᠬᠡᠬᠤᠲᠠ ᠶᠢᠨ ᠲᠡᠦᠬᠡ ᠰᠣᠶᠣᠯ ᠢ ᠤᠯᠠᠮ ᠨᠢᠭᠡ ᠠᠯᠬᠤᠮ ᠣᠶᠢᠯᠠᠭᠠᠪᠠ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠲᠡᠦᠬᠡ ᠰᠣᠶᠣᠯ ᠥᠨᠢ ᠤᠳᠠᠭᠠᠨ᠂ ᠰᠣᠶᠣᠯ ᠦᠵᠡᠰᠬᠦᠯᠡᠩ ᠤᠨ ᠡᠬᠢ ᠰᠤᠷᠪᠤᠯᠵᠢ ᠡᠯᠪᠡᠭ ᠪᠠᠶᠠᠯᠢᠭ᠃ ᠴᠠᠭ ᠦᠶ᠎ᠡ ᠶᠢᠨ ᠳᠦᠷᠰᠦ ᠪᠠᠶᠢᠳᠠᠯ ᠢ ᠬᠠᠷᠠᠭᠤᠯᠤᠭᠰᠠᠨ᠂ ᠢᠯᠡ ᠲᠣᠳᠣ ᠣᠨᠴᠠᠯᠢᠭ ᠲᠠᠢ ︽ᠮᠦᠽᠧᠢ ᠶᠢᠨ ᠬᠤᠳᠠ︾ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠶᠢᠨ ᠲᠥᠯᠥᠭᠡ᠂ ᠮᠠᠨ ᠤ ᠬᠤᠳᠠ ᠡᠨᠡ ᠵᠢᠯ ᠤᠨ 2 ᠳ᠋ᠤᠭᠠᠷ ᠰᠠᠷ᠎ᠠ ᠳᠤ ᠬᠥᠬᠡᠬᠤᠲᠠ ᠶᠢᠨ ᠮᠦᠽᠧᠢ ᠶᠢ ᠨᠡᠶᠢᠯᠡᠭᠦᠯᠦᠨ ᠪᠠᠶᠢᠭᠤᠯᠵᠤ᠂ ᠳᠣᠣᠷ᠎ᠠ ᠨᠢ ᠬᠥᠬᠡᠬᠤᠲᠠ ᠶᠢᠨ ᠮᠦᠽᠧᠢ᠂ ᠹᠧᠩᠵᠧᠦ ᠬᠠᠭᠤᠴᠢᠨ ᠬᠤᠳᠠ ᠶᠢᠨ ᠮᠦᠽᠧᠢ᠂ ᠵᠤᠤ ᠵᠢᠶᠦ᠋ᠨ ᠮᠦᠽᠧᠢ᠂ ᠭᠦᠩᠵᠦ ᠶᠢᠨ ᠣᠷᠳᠣᠨ ᠤ ᠮᠦᠽᠧᠢ᠂ ᠵᠠᠩᠵᠤᠨ ᠤ ᠶᠠᠮᠤᠨ ᠤ ᠮᠦᠽᠧᠢ᠂ ᠲᠠᠪᠤᠨ ᠰᠤᠪᠤᠷᠭ᠎ᠠ ᠰᠦᠮ᠎ᠡ ᠶᠢᠨ ᠮᠦᠽᠧᠢ ᠶᠢ ᠪᠠᠭᠲᠠᠭᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ