︵ᠰᠤᠷᠪᠤᠯᠵᠢᠯᠠᠭᠴᠢ ᠯᠢᠶᠠᠩ ᠵᠢᠩ ᠱᠸ︶ 5 ᠳ᠋ᠤᠭᠠᠷ ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ | ᠳ᠋ᠦᠩ ᠪᠦᠯᠬᠦᠮ ᠳᠠᠭᠠᠭᠤᠯᠤᠨ ᠵᠢᠨᠠᠨ ᠬᠤᠳᠠ ᠳᠤ ᠬᠦᠷᠴᠦ ᠱᠠᠨᠳᠦ᠋ᠩ ᠤᠨ ᠡᠨᠧᠷᠭᠢ ᠶᠢᠨ ᠪᠦᠯᠦᠭᠯᠡᠯ ᠢ ᠰᠤᠷᠪᠤᠯᠵᠢᠯᠠᠵᠤ᠂ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠯᠢ ᠸᠧᠢ ᠲᠠᠢ ᠰᠠᠭᠤᠳᠠᠯ ᠤᠨ ᠬᠤᠷᠠᠯ ᠬᠢᠵᠦ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠵᠦ ᠵᠣᠯᠭᠠᠭᠤᠯᠪᠠ᠃ | ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠬᠦ ᠳᠡᠭᠡᠨ᠂ ᠬᠥᠬᠡᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ | ᠬᠤᠪᠢ ᠳᠤ᠂ ᠤᠯᠤᠰ ᠲᠥᠷᠥ᠂ ᠠᠵᠤ ᠠᠬᠤᠢ᠂ ᠰᠣᠶᠣᠯ ᠤᠨ ᠲᠥᠪ ᠪᠠᠶᠢᠵᠤ᠂ ᠴᠢᠳᠠᠪᠤᠷᠢᠲᠠᠨ᠂ ᠣᠷᠣᠨ ᠪᠠᠶᠢᠷᠢ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠴᠥᠮ ᠨᠡᠯᠢᠶᠡᠳ ᠶᠡᠭᠡ | ᠳᠠᠪᠠᠭᠤᠯᠢᠭ ᠲᠠᠯ᠎ᠠ ᠲᠠᠢ᠂ ᠣᠳᠣᠬᠠᠨ ᠳᠤ ᠬᠥᠬᠡᠬᠤᠲᠠ ᠶᠠᠭ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ | ᠶᠡᠭᠡ ᠪᠠᠷ ᠬᠥᠭᠵᠢᠭᠦᠯᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠥᠬᠡᠬᠤᠲᠠ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ᠱᠠᠨᠳᠦ᠋ᠩ ᠤᠨ ᠡᠨᠧᠷᠭᠢ ᠶᠢᠨ | ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠡᠭᠦᠳᠴᠦ ᠥᠭᠭᠦᠨ᠎ᠡ᠃ ᠱᠠᠨᠳᠦ᠋ᠩ ᠤᠨ ᠡᠨᠧᠷᠭᠢ ᠶᠢᠨ | ᠪᠦᠯᠦᠭᠯᠡᠯ ᠲᠠᠢ ᠶᠡᠷᠦᠩᠬᠡᠢ ᠬᠡᠯᠲᠡᠰ ᠤᠨ ᠠᠵᠤ ᠠᠬᠤᠢ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠪᠠᠷᠠᠭᠠᠨ ᠤ ᠭᠦᠢᠯᠭᠡᠭᠡ | ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠠᠵᠠ ᠲᠣᠬᠢᠶᠠᠯ ᠢ ᠬᠠᠮᠲᠤᠪᠠᠷ ᠡᠷᠢᠯᠬᠢᠯᠡᠵᠦ᠂ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠨᠠᠶᠢᠳᠠᠪᠤᠷᠢᠵᠢᠭᠤᠯᠬᠤ | ᠠᠵᠤ ᠦᠢᠯᠡᠰ ᠤᠨ ᠲᠦᠷᠦᠯ ᠵᠦᠢᠯ ᠢ ᠲᠥᠯᠥᠪᠯᠡᠬᠦ ᠶᠢ ᠬᠦᠰᠡᠵᠦ ᠪᠠᠶᠢᠨ᠎ᠠ ᠭᠡᠵᠡᠢ᠃ | ᠯᠢ ᠸᠧᠢ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠡᠵᠡᠩᠨᠡᠯᠲᠡ ᠶᠢᠨ ᠣᠷᠴᠢᠨ ᠨᠥᠬᠦᠴᠡᠯ ᠰᠠᠶᠢᠨ᠂ ᠪᠡᠯᠡ ᠣᠷᠤᠭᠤᠯᠤᠯᠲᠠ ᠶᠢᠨ ᠣᠷᠴᠢᠨ ᠨᠦᠬᠦᠴᠡᠯ ᠰᠠᠶᠢᠨ᠂ ᠡᠯ᠎ᠡ | ᠲᠠᠯ᠎ᠠ ᠶᠢᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠳᠠᠷᠠᠭᠠᠴᠢ ᠶᠢᠨ ᠠᠯᠬᠤᠮ ᠳᠤ᠂ ᠱᠠᠨᠳᠦ᠋ᠩ ᠤᠨ ᠡᠨᠧᠷᠭᠢ ᠶᠢᠨ ᠪᠦᠯᠦᠭᠯᠡᠯ ᠬᠤᠶᠠᠷ ᠲᠠᠯ᠎ᠠ ᠶᠢᠨ ᠬᠥᠭᠵᠢᠯᠲᠡ ᠶᠢᠨ ᠲᠥᠯᠦᠪᠵᠢᠭᠦᠯᠭᠡ᠂ | ᠪᠠᠶᠢᠷᠢ ᠲᠣᠭᠲᠠᠭᠠᠯᠲᠠ ᠶᠢ ᠦᠨᠳᠦᠰᠦᠯᠡᠵᠦ᠂ ᠬᠥᠬᠡᠬᠤᠲᠠ ᠳᠤ ᠢᠳᠡᠪᠬᠢᠲᠡᠢ ᠠᠭᠤᠰᠤᠯᠴᠠᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠨ᠎ᠡ ᠭᠡᠵᠡᠢ᠃ |