︵ᠰᠤᠷᠪᠤᠯᠵᠢᠯᠠᠭᠴᠢ ᠯᠢᠶᠠᠩ ᠵᠢᠩ ᠱᠸ︶ 5 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ | ᠬᠠᠢ ᠳ᠋ᠦᠩ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠢ | ᠰᠤᠷᠪᠤᠯᠵᠢᠯᠠᠵᠤ᠂ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠬᠤ᠋ ᠱᠠᠨ ᠲᠢᠩ ᠲᠠᠢ ᠰᠠᠭᠤᠳᠠᠯ ᠤᠨ ᠬᠤᠷᠠᠯ ᠬᠢᠵᠦ᠂ ᠬᠠᠮᠲᠤᠷᠠᠯᠴᠠᠭᠠᠨ ᠤ | ᠤᠴᠢᠷ ᠶᠠᠪᠤᠳᠠᠯ ᠢ ᠵᠥᠪᠳᠡᠵᠦ ᠵᠣᠯᠭᠠᠭᠤᠯᠪᠠ᠃ | ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠥᠬᠡᠬᠤᠲᠠ ᠶᠢᠨ ᠭᠤᠣᠯᠳᠠᠯᠭ᠎ᠠ ᠲᠠᠢ ᠪᠣᠶᠢᠵᠢᠭᠤᠯᠤᠭᠰᠠᠨ ᠰᠦ ᠶᠢᠨ ᠦᠢᠯᠡᠰ᠂ ᠲᠣᠮᠣ ᠳ᠋ᠠᠶᠢᠲ᠋ᠠ᠂ ᠴᠠᠬᠢᠭᠤᠷ ᠤᠨ | ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠠᠷᠢᠭᠤᠨ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ | ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠤᠳ ᠲᠤ᠂ | ᠬᠥᠬᠡᠬᠤᠲᠠ ᠶᠢᠨ ᠡᠵᠡᠩᠨᠡᠯᠲᠡ ᠶᠢᠨ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠵᠦ᠂ ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠵᠢᠷᠠᠵᠤ᠂ ᠳᠠᠯᠳᠠ | ᠬᠦᠴᠦᠨ ᠮᠠᠰᠢ ᠶᠡᠭᠡ᠂ ᠢᠷᠡᠭᠡᠳᠦᠢ ᠶᠢᠨ ᠠᠵᠠ ᠲᠣᠬᠢᠶᠠᠯ ᠬᠢᠵᠠᠭᠠᠯᠠᠰᠢ ᠦᠭᠡᠢ ᠪᠠᠶᠢᠨ᠎ᠠ᠃ ᠣᠳᠣᠬᠠᠨ ᠳᠤ᠂ ᠬᠥᠬᠡᠬᠤᠲᠠ ᠶᠠᠭ ᠬᠤᠲᠠ ᠶᠢᠨ ᠴᠢᠳᠠᠪᠤᠷᠢ ᠶᠢᠨ ᠲᠠᠰ ᠢ | ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠵᠤ ᠪᠠᠶᠢᠨ᠎ᠠ᠃ | ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠲᠠᠢ ᠰᠤᠳᠤᠯᠭᠠᠨ ᠤ ᠬᠦᠷᠢᠶᠡᠯᠡᠩ᠂ ᠣᠷᠣᠨ ᠪᠦᠰᠡ ᠶᠢᠨ ᠶᠡᠷᠦᠩᠬᠡᠢ ᠬᠡᠯᠲᠡᠰ | ᠪᠠᠶᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠢ᠃ | ᠬᠤ᠋ ᠱᠠᠨ ᠲᠢᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠵᠠᠮ ᠬᠠᠷᠢᠯᠴᠠᠭ᠎ᠠ ᠳᠥᠭᠦᠮ ᠳᠥᠲᠡ᠂ ᠪᠡᠯᠡ ᠣᠷᠤᠭᠤᠯᠤᠯᠲᠠ ᠶᠢᠨ ᠣᠷᠴᠢᠨ ᠨᠥᠬᠦᠴᠡᠯ | ᠰᠠᠶᠢᠨ᠂ ᠬᠥᠮᠥᠨ ᠤ ᠬᠦᠴᠦᠨ ᠤ ᠡᠬᠢ ᠰᠤᠷᠪᠤᠯᠵᠢ ᠡᠯᠪᠡᠭ ᠪᠠᠶᠠᠯᠢᠭ ᠪᠠᠶᠢᠵᠤ᠂ ᠮᠠᠰᠢ ᠶᠡᠭᠡ ᠬᠥᠭᠵᠢᠯᠲᠡ ᠶᠢᠨ ᠳᠠᠯᠳᠠ ᠬᠦᠴᠦᠨ ᠠᠭᠤᠯᠤᠭᠳᠠᠵᠤ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠳᠤᠮᠳᠠᠳᠤ ᠤᠯᠤᠰ ᠤᠨ ᠨᠡᠭᠦᠷᠡᠰᠦᠨ ᠤ ᠰᠢᠨᠵᠢᠯᠡᠭᠡ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ | ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠶᠠᠷ ᠲᠠᠯ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭᠠᠨ ᠳᠤ ᠲᠣᠬᠢᠷᠠᠬᠤ ᠵᠦᠢᠯ ᠢᠶᠠᠨ ᠣᠨᠣᠪᠴᠢᠲᠠᠢ ᠣᠯᠵᠤ᠂ | ᠡᠷᠲᠡᠬᠡᠨ ᠬᠠᠮᠳᠤᠪᠡᠷ ᠠᠰᠢᠭ ᠬᠦᠷᠲᠡᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠶ᠎ᠡ ᠭᠡᠵᠡᠢ᠃ |