ᠪᠣᠣ ᠭᠠᠩ ᠾᠧ ᠬᠠᠢ ᠳ᠋ᠦᠩ ᠰᠢᠦᠢ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠰᠢᠤᠸᠠᠢ ᠭᠠᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/5/17
       ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠰᠢᠦᠢ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠰᠢᠤᠸᠠᠢ ᠭᠠᠩ ᠨᠠᠷ ᠲᠠᠢ ᠠᠭᠤᠯᠵᠠᠪᠠ᠃       ᠪᠣᠣ ᠭᠠᠩ ᠶᠠᠩ ᠰᠢᠤᠸᠠᠢ ᠭᠠᠩ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠤᠯᠠᠨ ᠵᠢᠯ ᠤᠨ ᠲᠤᠷᠰᠢ ᠰᠢᠦᠢ ᠶᠠᠩ ᠪᠦᠯᠦᠭᠯᠡᠯ ᠮᠠᠨ ᠤ ᠬᠤᠳᠠ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠣᠨᠴᠠᠭᠠᠶᠢᠯᠠᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠳᠠᠭᠠᠭᠤᠯᠤᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠲᠠᠢ ᠪᠠᠶᠢᠵᠤ᠂ ᠬᠡᠪᠴᠢᠶᠡᠵᠢᠯ ᠤᠨ ᠳᠠᠪᠠᠭᠤᠯᠢᠭ ᠢ ᠪᠦᠷᠢᠯᠳᠦᠭᠦᠯᠵᠡᠢ᠃ ᠰᠢᠦᠢ ᠶᠠᠩ ᠪᠦᠯᠦᠭᠯᠡᠯ ᠤᠨ ᠬᠥᠬᠡᠬᠤᠲᠠ ᠳᠠᠬᠢ ᠠᠵᠤ ᠦᠢᠯᠡᠰ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ᠂ ᠨᠡᠭᠦᠷᠡᠰᠦᠨ ᠤ ᠳᠠᠪᠠᠷᠬᠠᠢ ᠶᠢ ᠨᠠᠷᠢᠯᠢᠭ ᠡᠳ᠋ᠰᠢᠭᠦᠯᠬᠦ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠡᠦᠷᠰᠢᠭᠦᠯᠬᠦ ᠠᠵᠤ ᠦᠢᠯᠡᠰ ᠤᠨ ᠤᠰᠤᠲᠥ᠋ᠷᠥᠭᠴᠢ ᠶᠢᠨ ᠡᠨᠧᠷᠭᠢ᠂ ᠪᠢᠯᠢᠭ ᠲᠤᠶᠢᠯ ᠤᠨ ᠮᠠᠲ᠋ᠧᠷᠢᠶᠠᠯ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠲᠡᠶᠢᠰᠢ ᠥᠷᠭᠡᠳᠬᠦ ᠶᠢ ᠢᠳᠡᠪᠬᠢᠳᠡᠢ ᠠᠬᠢᠭᠤᠯᠵᠤ᠂ ᠣᠷᠣᠨ ᠤ ᠲᠥᠪ ᠤᠨ ᠠᠵᠤ ᠦᠢᠯᠡᠰ ᠤᠨ ᠪᠥᠭᠡᠮᠨᠡᠷᠡᠯ ᠤᠨ ᠬᠡᠯᠬᠢᠶ᠎ᠡ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ ᠭᠡᠵᠡᠢ᠃      ᠶᠠᠩ ᠰᠢᠤᠸᠠᠢ ᠭᠠᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠰᠢᠦᠢ ᠶᠠᠩ ᠪᠦᠯᠦᠭᠯᠡᠯ ᠤᠨ ᠬᠥᠬᠡᠬᠤᠲᠠ ᠳᠠᠬᠢ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠪᠠ᠃ ᠲᠡᠷᠡ ᠬᠡᠯᠡᠭᠰᠡᠨ ᠨᠢ᠂ ᠬᠥᠬᠡᠬᠤᠲᠠ ᠪᠣᠳᠠᠲᠤ ᠴᠣᠭᠴᠠ ᠶᠢᠨ ᠠᠵᠤ ᠠᠬᠤᠢ ᠶᠢ ᠶᠡᠬᠡᠪᠡᠷ ᠠᠳᠬᠤᠵᠤ᠂ ᠠᠵᠤ ᠦᠢᠯᠡᠰ ᠤᠨ ᠪᠥᠭᠡᠮᠨᠡᠷᠡᠯ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠬᠠᠩᠭᠠᠵᠠᠢ᠂ ᠰᠢᠦᠢ ᠶᠠᠩ ᠪᠦᠯᠦᠭᠯᠡᠯ ᠬᠥᠬᠡᠬᠤᠲᠠ ᠳᠠᠬᠢ ᠪᠡᠯᠡ ᠣᠷᠤᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠬᠡᠬᠤᠲᠠ ᠳᠠᠬᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠣᠷᠣᠨ ᠤ ᠲᠥᠪ ᠤᠨ ᠣᠳᠣᠬᠢᠴᠢᠯᠠᠭᠰᠠᠨ ᠠᠵᠤ ᠦᠢᠯᠡᠰ ᠤᠨ  ᠰᠢᠰᠲ᠋ᠧᠮᠵᠢ ᠶᠢ ᠪᠠᠶᠢᠭᠤᠯᠬᠤ ᠳᠤ ᠨᠡᠩ ᠰᠠᠶᠢᠨ ᠲᠤᠰᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ ᠭᠡᠪᠡ᠃      ᠯᠢᠦ ᠵᠢᠢ ᠶᠢᠩ᠂ ᠯᠢ ᠰᠢᠶᠣᠣ ᠶᠠᠨ ᠠᠭᠤᠯᠵᠠᠯᠲᠠ ᠳᠤ ᠣᠷᠣᠯᠴᠠᠪᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ