4 ᠳ᠋ᠦ᠋ᠭᠡᠷ ᠰᠠᠷ᠎ᠠ ᠳᠤ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠡᠷᠭᠦᠵᠦ ᠰᠠᠶᠢᠵᠢᠷᠠᠬᠤ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2023/5/17
      ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 16 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠧᠢ ᠢᠦᠢ ᠺᠦᠨ᠂ ᠬᠠᠨ ᠵᠢᠶᠠ ᠨᠥᠸᠧ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 16 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 4 ᠳ᠋ᠦ᠋ᠭᠡᠷ ᠰᠠᠷ᠎ᠠ ᠳᠤ᠂ ᠠᠵᠤ ᠠᠬᠤᠢ ᠨᠡᠶᠢᠭᠡᠮ ᠪᠥᠬᠦ ᠲᠠᠯ᠎ᠠ ᠪᠠᠷ ᠬᠡᠪ ᠤᠨ ᠪᠠᠶᠢᠳᠠᠯ ᠳᠠᠭᠠᠨ ᠣᠷᠣᠵᠤ᠂ ᠣᠯᠠᠩᠬᠢ ᠦᠢᠯᠡᠳᠪᠦᠷᠢᠯᠡᠯ ᠤᠨ ᠬᠡᠷᠡᠭᠴᠡᠭᠡᠨ ᠤ ᠭᠦᠢᠴᠡᠳᠬᠡᠯ ᠲᠤᠭ᠎ᠠ ᠶᠢᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠳᠡᠭᠡᠭᠰᠢᠯᠡᠵᠦ᠂ ᠦᠢᠯᠡᠴᠢᠯᠡᠭᠡᠨ ᠤ ᠦᠢᠯᠡᠰ ᠪᠠ ᠬᠡᠷᠡᠭᠯᠡᠭᠡᠨ ᠨᠡᠯᠢᠶᠡᠳ ᠲᠦᠷᠭᠡᠨ ᠰᠡᠷᠭᠦᠵᠦ᠂ ᠠᠵᠢᠯ ᠣᠯᠭᠤᠯᠲᠠ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠣᠯᠵᠤ᠂ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠪᠡ᠃ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 1.7 ᠵᠠᠭᠤᠨ ᠤ ᠨᠢᠭᠡᠴᠢ ᠲᠦᠷᠭᠡᠳᠪᠡ︔ ᠪᠥᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠢᠯᠡᠳᠬᠡᠮᠵᠢ ᠲᠤᠭ᠎ᠠ ᠠᠳᠠᠯᠢ ᠬᠤᠭᠤᠴᠠᠭᠠᠨ ᠤ ᠬᠢ ᠠᠴᠠ 13.5% ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 4.3 ᠵᠠᠭᠤᠨ ᠤ ᠨᠢᠭᠡᠴᠢ ᠲᠦᠷᠭᠡᠳᠪᠡ᠃      ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠨᠡᠯᠢᠶᠡᠳ ᠲᠦᠷᠭᠡᠨ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠥᠷᠭᠡᠵᠢᠪᠡ᠃ 4 ᠳ᠋ᠦ᠋ᠭᠡᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 34910 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠨ᠂ ᠲᠦᠷᠦᠭᠦᠸ ᠰᠠᠷ᠎ᠠ ᠶᠢᠨ ᠬᠢ ᠠᠴᠠ 7.8 ᠵᠠᠭᠤᠨ ᠤ ᠨᠢᠭᠡᠴᠢ ᠲᠦᠷᠭᠡᠳᠪᠡ︔ ᠲᠦᠷᠦᠭᠦᠦ ᠰᠠᠷ᠎ᠠ ᠶᠢᠨ ᠬᠢ ᠠᠴᠠ 0.49% ᠨᠡᠮᠡᠭᠳᠡᠪᠡ᠃ 1 ︱ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ 1 ︱ 3 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ ᠨᠢᠭᠡᠴᠢ ᠪᠠᠭᠤᠷᠠᠪᠠ᠃      ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠠᠷᠠᠯᠵᠢᠶᠠᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ 4 ᠳ᠋ᠦ᠋ᠭᠡᠷ ᠰᠠᠷ᠎ᠠ ᠳᠤ᠂ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 34347 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃ 1 ᠠᠴᠠ 4 ᠳ᠋ᠦ᠋ᠭᠡᠷ ᠰᠠᠷ᠎ᠠ ᠪᠣᠯᠲᠠᠯ᠎ᠠ᠂ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 133232 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ︔ ᠡᠩ ᠤᠨ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠠᠳᠠᠯᠢ ᠬᠤᠭᠤᠴᠠᠭᠠᠨ ᠤ  ᠬᠢ ᠠᠴᠠ 8.5% ᠨᠡᠮᠡᠭᠳᠡᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 65.4% ᠬᠦᠷᠴᠦ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠨᠢᠭᠡᠴᠢ ᠳᠡᠭᠡᠭᠰᠢᠯᠡᠵᠡᠢ᠃      ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ  ᠬᠢ ᠠᠴᠠ ᠨᠡᠮᠡᠭᠳᠡᠪᠡ᠃ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.2% ᠪᠠᠶᠢᠵᠤ᠂ ᠲᠦᠷᠦᠭᠦᠸ ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠪᠠᠭᠤᠷᠠᠪᠠ᠃ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠬᠥᠳᠡᠯᠮᠦᠷᠢ ᠬᠦᠴᠦᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.1% ᠬᠦᠷᠪᠡ᠃ ᠭᠠᠳᠠᠨ᠎ᠠ ᠣᠷᠣᠨ ᠤ ᠡᠷᠦᠬᠡ ᠠᠮᠠ ᠲᠠᠢ ᠬᠥᠳᠡᠯᠮᠦᠷᠢ ᠬᠦᠴᠦᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.4% ᠪᠠᠶᠢᠵᠤ᠂ ᠡᠭᠦᠨ ᠳᠤ ᠭᠠᠳᠠᠨ᠎ᠠ ᠠᠴᠠ ᠢᠷᠡᠭᠰᠡᠨ ᠲᠠᠷᠢᠶᠠᠯᠠᠩ ᠤᠨ ᠡᠷᠦᠬᠡ ᠠᠮᠠ ᠲᠠᠢ ᠬᠥᠳᠡᠯᠮᠦᠷᠢ ᠬᠦᠴᠦᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ 5.1% ᠬᠦᠷᠪᠡ᠃ 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠮᠵᠢ ᠲᠤᠭ᠎ᠠ ︵CPI︶ ᠠᠳᠠᠯᠢ ᠬᠤᠭᠤᠴᠠᠭᠠᠨ ᠤ ᠬᠢ ᠠᠴᠠ 0.1% ᠪᠠᠷ ᠥᠰᠴᠦ᠂ ᠲᠦᠷᠦᠭᠦᠸ ᠰᠠᠷ᠎ᠠ ᠶᠢᠨ ᠬᠢ ᠠᠴᠠ 0.1% ᠪᠠᠷ ᠪᠠᠭᠤᠷᠠᠪᠠ᠃       ︽ᠶᠡᠷᠦᠩᠬᠡᠢ ᠳᠤᠨᠢ ᠠᠪᠴᠤ ᠦᠵᠡᠪᠡᠯ᠂ 4 ᠳ᠋ᠦ᠋ᠭᠡᠷ ᠰᠠᠷ᠎ᠠ ᠳᠤ ᠤᠯᠤᠰ ᠠᠷᠠᠳ ᠤᠨ ᠠᠵᠤ ᠠᠬᠤᠢ ᠶᠢᠨ ᠪᠠᠶᠢᠳᠠᠯ ᠦᠷᠭᠦᠯᠵᠢᠯᠡᠨ ᠰᠡᠷᠭᠦᠵᠦ᠂ ᠰᠠᠶᠢᠵᠢᠷᠠᠬᠤ ᠬᠦᠴᠦᠨ ᠵᠦᠢᠯ ᠬᠤᠷᠠᠮᠳᠤᠨ ᠨᠡᠮᠡᠭᠳᠡᠵᠦ ᠪᠠᠶᠢᠨ᠎ᠠ᠂ ᠭᠡᠪᠡᠴᠦ ᠳᠡᠯᠡᠬᠡᠢ ᠶᠢᠨ ᠣᠷᠴᠢᠨ ᠨᠥᠬᠦᠴᠡᠯ ᠮᠥᠨ ᠬᠦ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠮᠥᠨ ᠬᠦ ᠬᠦᠷᠦᠯᠴᠡᠬᠦ ᠦᠭᠡᠢ ᠪᠠᠶᠢᠵᠤ᠂ ᠠᠵᠤ ᠠᠬᠤᠢ ᠶᠢᠨ ᠳᠡᠭᠡᠭᠰᠢᠯᠡᠯᠲᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠪᠠᠰᠠ ᠴᠢᠩᠭ᠎ᠠ ᠪᠢᠰᠢ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ ᠪᠠᠶᠢᠨ᠎ᠠ︾᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠣᠨᠢᠨ ᠮᠡᠳᠡᠭᠡ ᠨᠡᠶᠢᠲᠡᠯᠡᠭᠴᠢ ᠹᠦ᠋ ᠯᠢᠩ ᠬᠤᠶ ᠲᠤᠬᠠᠢ ᠶᠢᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠱᠠᠲᠤᠨ ᠳᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠬᠤ ᠪᠠ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠤᠶᠠᠯᠳᠤᠭᠤᠯᠵᠤ᠂ ᠬᠡᠷᠡᠭᠴᠡᠭᠡ ᠶᠢ ᠢᠳᠡᠪᠬᠢᠲᠡᠢ ᠪᠠᠷ ᠰᠡᠷᠭᠦᠭᠡᠨ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠠᠬᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠭᠡᠵᠡᠢ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ