ᠬᠥᠬᠡᠬᠤᠲᠠ ᠶᠢᠨ ᠮᠦᠽᠧᠢ᠄ ᠬᠥᠬᠡᠬᠤᠲᠠ ᠶᠢᠨ ᠲᠡᠦᠬᠡ ᠶᠢ ᠨᠡᠪᠲᠡ ᠬᠠᠷᠠᠭᠤᠯᠤᠨ᠎ᠠ
ᠨᠡᠶᠢᠲᠡᠯᠡᠭᠰᠡᠨ ᠴᠠᠭ᠄
2023/5/17
      ᠰᠢᠨᠬᠤᠸᠠ ᠶᠡᠭᠡ ᠵᠡᠭᠡᠯᠢ ᠶᠢᠨ 44 ᠳ᠋ᠤᠭᠡᠷ ᠨᠣᠮᠧᠷ ᠲᠤ ᠪᠠᠶᠢᠷᠢᠯᠠᠭ᠎ᠠ ᠬᠥᠬᠡᠬᠤᠲᠠ ᠶᠢᠨ ᠮᠦᠽᠧᠢ ᠳᠤ  ᠬᠦᠷᠬᠦ ᠳᠤ᠂ ᠬᠠᠮᠤᠭ ᠤᠨ ᠲᠦᠷᠦᠭᠦᠨ ᠳᠤ ᠨᠢᠳᠦᠨ ᠬᠠᠷᠠᠭᠳᠠᠬᠤ ᠨᠢ ᠲᠡᠭᠦᠨ ᠤ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ︱ ᠲᠣᠮᠣ ᠰᠡᠷᠡᠯ ᠮᠣᠷᠢ ᠪᠣᠯᠣᠨ᠎ᠠ᠂  ᠰᠦᠷᠯᠢᠭ ᠵᠢᠪᠬᠤᠭᠠᠲᠤ ᠲᠣᠮᠣ ᠰᠡᠷᠡᠯ ᠮᠣᠷᠢ ᠥᠪᠥᠷ ᠮᠣᠩᠭᠤᠯ ᠤᠨ ᠮᠦᠽᠧᠢ ᠶᠢᠨ ᠬᠠᠭᠤᠴᠢᠨ ᠪᠠᠭᠤᠷᠢ ᠪᠣᠯᠬᠤ ᠬᠥᠬᠡᠬᠤᠲᠠ ᠶᠢᠨ ᠮᠦᠽᠧᠢ ᠶᠢᠨ ᠦᠯᠢᠭᠡᠷ ᠢ ᠲᠣᠪ ᠲᠤᠭᠤᠶᠢᠬᠠᠨ ᠬᠥᠥᠷᠨᠢᠨ᠎ᠡ᠃      ᠬᠥᠬᠡᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠲᠠᠰ ᠤᠨ ᠲᠡᠦᠬᠡ ᠰᠣᠶᠣᠯ ᠤᠨ ᠨᠠᠷᠠᠲᠤ ᠬᠤᠲᠠ ᠪᠠᠶᠢᠵᠤ᠂ ᠲᠡᠦᠬᠡᠨ ᠳᠡᠭᠡᠷ᠎ᠡ ᠬᠦᠬᠡᠬᠤᠲᠠ ᠪᠣᠯ ᠳᠤᠮᠳᠠᠳᠤ ᠤᠯᠤᠰ ᠤᠨ ᠡᠷᠲᠡᠨ ᠤ ᠤᠮᠠᠷᠠᠲᠤ ᠶᠢᠨ ᠦᠨᠳᠦᠰᠦᠲᠡᠨ ᠤ ᠦᠢᠯᠡ ᠠᠵᠢᠯᠯᠠᠭᠠᠨ ᠤ ᠴᠢᠬᠤᠯᠠ ᠲᠠᠯᠠᠪᠤᠷ ᠪᠣᠯᠬᠤ ᠶᠤᠮ᠃ ᠠᠳᠡ ᠳ᠋ᠡ ᠶᠣᠣ ᠶᠢᠨ ᠰᠣᠶᠣᠯ ᠠᠴᠠ ᠣᠷᠴᠢᠨ ᠣᠲᠣ ᠦᠶ᠎ᠡ ᠬᠦᠷᠲᠡᠯᠡᠬᠢ ᠴᠠᠭ ᠤᠨ ᠲᠡᠩᠭᠡᠯᠢᠭ ᠢᠶᠠᠷ ᠭᠤᠣᠯ ᠱᠤᠭᠤᠮ ᠪᠣᠯᠭᠠᠵᠤ᠂ ᠠᠳᠠᠯᠢ ᠪᠤᠰᠤ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠲᠤᠯᠭᠠᠭᠤᠷᠢᠯᠠᠯ ᠪᠣᠯᠭᠠᠵᠤ᠂ ᠬᠠᠮᠤᠭ ᠤᠨ ᠦᠷᠭᠦᠯᠵᠢ ᠬᠠᠷᠠᠭᠳᠠᠳᠠᠭ ᠠᠮᠢᠳᠤᠷᠠᠯ ᠤᠨ ᠬᠡᠷᠡᠭᠰᠡᠯ ᠢ ᠳᠡᠯᠭᠡᠨ ᠦᠵᠡᠭᠦᠯᠵᠡᠢ᠂ ᠵᠢᠱᠢᠶᠡᠯᠡᠪᠡᠯ ᠵᠡᠭᠦᠨ ᠬᠠᠨ ᠤᠯᠤᠰ ᠤᠨ ᠦᠶ᠎ᠡ ᠶᠢᠨ ᠸᠠᠭᠠᠷ ᠰᠠᠪᠠ᠂ ᠸᠠᠭᠠᠷ ᠵᠤᠤᠬ᠎ᠠ︔ ᠵᠠᠰᠠᠯ ᠴᠢᠮᠡᠭᠯᠡᠯ ᠤᠨ ᠬᠤᠪᠴᠠᠰᠤ᠂ ᠵᠢᠱᠢᠶᠡᠯᠡᠪᠡᠯ ᠯᠢᠶᠣᠤ ᠤᠯᠤᠰ ᠤᠨ ᠦᠶ᠎ᠡ ᠶᠢᠨ ᠬᠤᠯᠤᠨ ᠡᠭᠡᠮᠦᠭ᠂ ᠮᠠᠲᠠᠷ ᠤᠨ ᠬᠡ ᠤᠭᠠᠯᠵᠠ ᠲᠠᠢ ᠡᠭᠡᠮᠦᠭ᠂ ᠦᠨᠳᠦᠰᠦᠲᠡᠨ ᠤ ᠬᠤᠪᠴᠠᠰᠤ ᠵᠡᠷᠭᠡ︔ ᠬᠥᠳᠡᠯᠮᠦᠷᠢ ᠶᠢᠨ ᠪᠠᠭᠠᠵᠢ ᠬᠡᠷᠡᠭᠰᠡᠯ᠂ ᠵᠢᠱᠢᠶᠡᠯᠡᠪᠡᠯ ᠡᠷᠲᠡᠨ ᠤ ᠬᠥᠮᠥᠰ ᠤᠨ ᠬᠡᠷᠡᠭᠯᠡᠵᠦ ᠪᠠᠶᠢᠭᠰᠠᠨ ᠴᠢᠯᠠᠭᠤᠨ ᠵᠡᠪᠰᠡᠭ᠂ ᠤᠮᠠᠷᠠᠲᠤ ᠸᠧᠢ ᠤᠯᠤᠰ ᠤᠨ ᠦᠶ᠎ᠡ ᠶᠢᠨ ᠲᠠᠬᠢᠯᠭ᠎ᠠ ᠶᠢᠨ ᠡᠳ᠋ᠯᠡᠯ᠂ ᠬᠤᠶᠢᠯᠭ᠎ᠠ ᠶᠢᠨ ᠡᠳ᠋ ᠵᠡᠷᠭᠡ︔ ᠡᠭᠦᠨ ᠠᠴᠠ ᠭᠠᠳᠠᠨ᠎ᠠ ᠪᠠᠰᠠ ᠶᠡᠭᠡ ᠬᠡᠮᠵᠢᠶᠡᠨ ᠤ ᠶᠤᠸᠠᠨ ᠤᠯᠤᠰ᠂ ᠴᠢᠩ ᠤᠯᠤᠰ ᠤᠨ ᠦᠶ᠎ᠡ  ᠶᠢᠨ ᠱᠠᠭᠠᠵᠠᠩ ᠰᠠᠪᠠ ᠨᠢ ᠬᠡᠷᠡᠭᠯᠡᠭᠡᠨ ᠤ ᠴᠢᠨᠠᠷ ᠪᠠ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠠᠭᠤᠯᠤᠭᠰᠠᠨ ᠢ ᠣᠯᠵᠤ ᠬᠠᠷᠠᠨ᠎ᠠ᠃ ᠳᠤᠮᠳᠠᠳᠤ ᠶᠢᠨ ᠪᠣᠯᠪᠠᠰᠤᠨ ᠤ ᠲᠡᠦᠬᠡ ᠶᠢᠨ ᠤᠷᠳᠤ ᠠᠶᠠᠨ ᠳᠤ᠂ ᠬᠥᠬᠡᠬᠤᠲᠠ ᠶᠢᠨ ᠬᠥᠭᠵᠢᠯᠲᠡ ᠶᠢᠨ ᠲᠡᠦᠬᠡ ᠶᠢᠨ ᠰᠤᠳᠠᠰᠤ ᠨᠢ ᠳ᠋ᠡ ᠶᠣᠣ ᠶᠢᠨ ᠡᠮᠦᠨ᠎ᠡ ᠠᠭᠤᠯᠠᠨ ᠠᠴᠠ ᠳᠤᠮᠳᠠᠳᠤ ᠶᠢᠨ ᠪᠣᠯᠪᠠᠰᠤᠨ ᠤ ᠣᠴᠢ ᠶᠢ ᠠᠰᠠᠭᠠᠵᠤ᠂ ᠬᠠᠳᠤᠨ ᠭᠤᠣᠯ ᠤᠨ ᠡᠷᠭᠢ ᠳᠠᠭᠠᠤ ᠬᠦᠷᠴᠦ ᠳᠤᠮᠳᠠᠳᠤ ᠶᠢᠨ ᠪᠣᠯᠪᠠᠰᠤᠨ ᠤ ᠶᠡᠭᠡ ᠭᠤᠣᠯ ᠳᠤ ᠨᠡᠶᠢᠯᠡᠨ ᠣᠷᠣᠵᠠᠢ᠃ ᠡᠷᠲᠡᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠶᠠᠪᠤᠴᠠ ᠨᠢ ᠶᠦᠨᠵᠦ᠋ᠩ ᠬᠤᠳᠠ ᠠᠴᠠ ᠡᠬᠢᠯᠡᠵᠦ᠂ ᠱᠧᠩ ᠯᠧ ᠬᠤᠳᠠ ᠶᠢᠨ ᠦᠶ᠎ᠡ ᠳᠤ ᠬᠥᠭᠵᠢᠨ ᠴᠡᠴᠡᠭᠯᠡᠵᠦ᠂ ᠲᠠᠬᠢᠭᠠᠳ ᠹᠧᠩᠵᠸᠦ ᠬᠤᠳᠠ ᠶᠢᠨ ᠦᠶ᠎ᠡ ᠳᠤ ᠥᠷᠭᠡᠵᠢᠨ ᠬᠦᠭᠵᠢᠵᠦ᠂ ᠮᠢᠩ ᠴᠢᠩ ᠤᠨ ᠦᠶ᠎ᠡ ᠳᠤ ᠳᠠᠬᠢᠨᠲᠠ ᠬᠥᠭᠵᠢᠨ ᠴᠡᠴᠡᠭᠯᠡᠪᠡ᠃ ᠦᠨᠡᠬᠡᠷ ᠪᠢᠰᠢᠷᠡᠭᠦᠰᠢᠲᠡᠢ ᠰᠠᠶᠢᠬᠠᠨ ᠲᠡᠦᠬᠡ ᠰᠣᠶᠣᠯ ᠤᠨ ᠨᠡᠷᠡᠳᠦ ᠬᠤᠳᠠ ᠪᠣᠯᠬᠤ ᠶᠤᠮ᠃
6373809129660140981166847.jpg
    ᠢᠷᠡᠯᠲᠡ᠄  ᠬᠦᠬᠡᠬᠤᠲᠠ ᠶᠢᠨ ᠣᠷᠣᠢ ᠶᠢᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ