ᠵᠣᠣ ᠵᠢᠶᠦ᠋ᠨ ᠤ ᠮᠦᠽᠧᠢ᠄ ︽ᠵᠣᠣ ᠵᠢᠶᠦ᠋ᠨ ᠠᠷᠤ ᠭᠠᠵᠠᠷ ᠮᠤᠷᠳᠠᠭᠰᠠᠨ︾ ᠳᠠᠭᠤᠷᠢᠰᠬᠠᠯᠲᠠᠢ ᠰᠠᠶᠢᠬᠠᠨ ᠲᠡᠥᠬᠡ
ᠨᠡᠶᠢᠲᠡᠯᠡᠭᠰᠡᠨ ᠴᠠᠭ᠄
2023/5/17
      ᠵᠣᠣ ᠵᠢᠶᠦ᠋ᠨ ᠤ ᠮᠦᠽᠧᠢ ᠤᠤᠯ ᠨᠢ ᠬᠥᠬᠡᠬᠤᠲᠠ ᠶᠢᠨ ᠸᠠᠩ ᠵᠣᠣ ᠵᠢᠶᠦ᠋ᠨ ᠤ ᠣᠩᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠳᠠᠭᠠᠯᠠᠨ ᠬᠠᠮᠢᠶᠠᠷᠬᠤ ᠭᠠᠵᠠᠷ ᠪᠠᠶᠢᠭᠰᠠᠨ ᠶᠤᠮ᠂ ᠵᠣᠣ ᠵᠢᠶᠦ᠋ᠨ ᠤ ᠮᠦᠽᠧᠢ ᠶᠢᠨ ᠬᠤᠶᠠᠳᠤᠭᠠᠷ ᠳᠠᠪᠬᠤᠷᠯᠢᠭ ᠤᠨ ᠭᠤᠷᠪᠠᠯᠵᠢᠨ ᠴᠣᠩᠬᠤᠨ ᠠᠴᠠ ᠴᠣᠩᠬᠤᠨ ᠤ ᠬᠤᠶᠢᠲᠤ ᠲᠠᠯ᠎ᠠ ᠳᠤ ᠪᠠᠶᠢᠭ᠎ᠠ ᠵᠣᠣ ᠵᠢᠶᠦ᠋ᠨ ᠤ ᠣᠩᠭᠤᠨ ᠤ ᠪᠥᠬᠦ ᠲᠦᠷᠰᠦ ᠢ ᠣᠯᠵᠤ ᠬᠠᠷᠠᠵᠤ ᠪᠣᠯᠳᠠᠭ ᠠᠴᠠ ᠵᠤᠭᠠᠴᠠᠭᠰᠠᠳ ᠪᠦᠷ ᠠᠳᠡ ᠰᠡᠭᠦᠳᠡᠷ ᠲᠠᠲᠠᠳᠠᠭ᠃ ᠭᠤᠣᠯ ᠲᠡᠩᠭᠡᠯᠢᠭ ᠤᠨ ᠱᠤᠭᠤᠮ ᠢᠶᠠᠷ ᠬᠠᠷᠠᠪᠠᠯ ᠳ᠋ᠦᠩ ᠪᠢ ᠦ᠋ ᠶᠢᠨ ᠰᠢᠯᠦᠭ ᠤᠨ ᠬᠥᠰᠢᠶ᠎ᠡ᠂ ᠸᠠᠩ ᠵᠤᠤ ᠵᠢᠶᠦ᠋ᠨ ᠤ ᠱᠤᠭᠤᠮᠠᠯ᠂ ᠴᠢᠯᠠᠭᠤᠨ ᠬᠦᠷᠦᠭ᠂ ᠨᠣᠭᠤᠭᠠᠨ ᠪᠣᠩᠬᠤᠨ ᠤ ᠬᠦᠰᠢᠶ᠎ᠡ᠂ ᠡᠪᠰᠡᠯ ᠬᠤᠷᠢᠮ ᠤᠨ ᠬᠦᠷᠡᠯ ᠬᠦᠰᠢᠶ᠎ᠡ ᠵᠡᠷᠭᠡ ᠦᠵᠡᠮᠵᠢ ᠶᠢ ᠣᠯᠵᠤ ᠬᠠᠷᠠᠨ᠎ᠠ᠃      ᠵᠣᠣ ᠵᠢᠶᠦ᠋ᠨ ᠤ ᠮᠦᠽᠧᠢ ᠳᠤ᠂ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠰᠤᠷᠪᠤᠯᠵᠢ ᠪᠢᠴᠢᠭ᠂ ᠦᠵᠡᠭᠦᠯᠦᠯᠭᠡ  ᠶᠢᠨ ᠰᠠᠮᠪᠠᠷ᠎ᠠ  ᠶᠢᠨ ᠵᠢᠷᠤᠭ᠂ ᠲᠣᠰᠣᠨ ᠪᠤᠳᠤᠭ ᠤᠨ ᠵᠢᠷᠤᠭ ᠪᠠ ᠬᠠᠮ ᠵᠠᠭᠤᠴᠢᠯᠠᠭᠤᠷ ᠤᠨ ᠠᠷᠭ᠎ᠠ ᠪᠠᠷᠢᠯ ᠢᠶᠠᠷ ︽ᠵᠣᠣ ᠵᠢᠶᠦ᠋ᠨ ᠠᠷᠤ ᠭᠠᠵᠠᠷ ᠮᠤᠷᠳᠠᠭᠰᠠᠨ︾ ᠳᠠᠭᠤᠷᠢᠰᠬᠠᠯᠲᠠᠢ ᠰᠠᠶᠢᠬᠠᠨ ᠲᠡᠥᠬᠡ ᠶᠢ ᠭᠦᠢᠴᠡᠳ ᠳᠡᠯᠭᠡᠨ ᠦᠵᠡᠭᠦᠯᠵᠡᠢ᠃ ᠡᠭᠦᠨ ᠤ ᠳᠣᠲᠣᠷ᠎ᠠ᠂ ᠡᠪᠰᠡᠯ ᠤᠨ ᠬᠤᠷᠢᠮ ᠤᠨ ᠲᠦᠷᠦ ᠶᠢᠨ ᠪᠣᠳᠣᠯᠭ᠎ᠠ ᠨᠢ ᠳᠤᠮᠳᠠᠳᠤ ᠤᠯᠤᠰ ᠤᠨ ᠡᠷᠲᠡᠨ ᠤ ᠡᠯ᠎ᠡ ᠦᠨᠳᠦᠰᠦᠲᠡᠨ ᠤ ᠬᠠᠷᠢᠴᠠᠭ᠎ᠠ ᠶᠢ ᠰᠢᠢᠳᠪᠦᠷᠢᠯᠡᠬᠦ ᠲᠡᠦᠬᠡᠨ ᠳᠤ ᠴᠢᠬᠤᠯᠠ ᠲᠡᠦᠬᠡᠨ ᠪᠠᠶᠢᠷᠢ ᠰᠠᠭᠤᠷᠢ ᠲᠠᠢ ᠪᠠᠶᠢᠳᠠᠭ ᠪᠥᠭᠡᠳ ᠡᠭᠦᠨ ᠤ ᠤᠯᠠᠮ ᠢᠶᠠᠷ ᠥᠪᠡᠷᠮᠢᠴᠡ ᠣᠨᠴᠠᠯᠢᠭ ᠪᠦᠬᠦᠢ ᠡᠪᠰᠡᠯ ᠤᠷᠤᠭ ᠤᠨ ᠰᠣᠶᠣᠯ ᠢ ᠪᠦᠷᠢᠯᠳᠦᠭᠦᠯᠦᠭᠰᠡᠨ ᠪᠠᠶᠢᠨ᠎ᠠ᠃
u=3764426759,3667618367&fm=193.jpg
微信截图_20230517160407.jpg
微信截图_20230517160438.jpg
CggYGlajSSaAakJfABPs1wQ3XUk116.jpg
f334-858c2a963f44348d80f8aee369c908ab.jpg
0f6c9a7785524f81ad93d10ba8e70600.jpg.jpeg
992193763c4145d3be1af5d2e0740567.jpeg
567.jpeg
d71642493eca4189a91ac828738a0edc.jpeg
f8f75f0998d6496cafa024f87557e036.jpeg
ac28fd92c19947aead8adce330940f7b.jpeg
      ᠢᠷᠡᠯᠲᠡ᠄ ᠬᠦᠬᠡᠬᠤᠲᠠ ᠶᠢᠨ ᠣᠷᠣᠢ ᠶᠢᠨ ᠰᠣᠨᠢᠨ               ᠵᠢᠷᠤᠭ ᠢ ᠰᠦᠯᠵᠢᠶ᠎ᠡ ᠠᠴᠠ ᠪᠠᠭᠤᠯᠭᠠᠪᠠ     
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ