ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠠᠢ ᠰᠡᠴᠡᠨ︶ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠪᠣᠳᠠᠰ + ᠦᠢᠯᠡᠴᠢᠯᠡᠭᠡ︾ ᠶᠢᠨ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ | ᠠᠪᠤᠷᠠᠨ ᠲᠤᠰᠠᠯᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠢᠭᠡᠴᠢ ᠪᠠᠷ ᠦᠨᠡᠯᠡᠭᠳᠡᠪᠡ᠃ | 2022 ᠣᠨ ᠤ 3 ᠰᠠᠷ᠎ᠠ ᠠᠴᠠ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠲᠣᠩ ᠠᠷᠠᠳ ᠤᠨ ᠲᠣᠭᠤᠷᠢᠭ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠨᠴᠠᠯᠢᠬᠳᠤ ᠦᠢᠯᠡᠴᠢᠯᠡᠭᠡ ᠥᠷᠨᠢᠭᠦᠯᠵᠦ᠂ ᠬᠡᠦᠬᠡᠳ᠂ ᠠᠵᠢᠯ ᠠᠯᠳᠠᠭᠰᠠᠨ ᠬᠥᠮᠦᠰ᠂ | ᠡᠮᠡᠭᠲᠡᠶᠢᠴᠦᠳ᠂ ᠨᠠᠰᠤᠲᠠᠶᠢᠴᠤᠳ ᠵᠢᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠵᠤ ᠪᠠᠶᠢᠭ᠎ᠠ ᠬᠦᠮᠦᠰ᠂ ᠣᠷᠣᠯᠭ᠎ᠠ ᠪᠠᠭᠠᠲᠠᠢ ᠬᠦᠴᠢᠷᠳᠡᠯᠲᠡᠢ | ᠭᠡᠷ ᠪᠦᠯᠢ ᠳᠤ ︽ᠪᠣᠳᠠᠰ + ᠦᠢᠯᠡᠴᠢᠯᠡᠭᠡ︾ ᠶᠢᠨ ᠣᠯᠠᠨ ᠡᠰᠢᠲᠦ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠵᠠᠭᠪᠤᠷ ᠢ ᠰᠦᠪᠡᠭᠴᠢᠯᠡᠨ ᠪᠦᠷᠢᠯᠳᠦᠭᠦᠯᠪᠡ᠃ | ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠲᠣᠩ ᠠᠷᠠᠳ ᠤᠨ ᠲᠣᠭᠤᠷᠢᠭ ᠤᠨ | ᠠᠷᠠᠳ ᠤᠨ ᠶᠠᠪᠤᠳᠠᠯ ᠤᠨ ᠲᠣᠪᠴᠢᠶ᠎ᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠴᠠᠳᠠᠢ ᠪᠠᠶᠢᠴᠠᠭᠠᠨ ᠣᠶᠢᠯᠠᠭᠠᠵᠤ᠂ ᠨᠡᠶᠢᠭᠡᠮ ᠤᠨ ᠠᠪᠤᠷᠠᠨ | ᠲᠤᠰᠠᠯᠠᠬᠤ ︽1 + 3 + 3 + N︾ ᠰᠢᠰᠲ᠋ᠧᠮ ᠢ ᠪᠦᠷᠢᠯᠳᠦᠬᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠳᠠᠯᠢ ᠪᠤᠰᠤ | ᠠᠪᠤᠷᠠᠨ ᠲᠤᠰᠠᠯᠠᠬᠤ ᠪᠦᠯᠬᠦᠮ ᠨᠡᠶᠢᠲᠡ ᠶᠢᠨ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ | ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠲᠤᠮᠳᠠ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠᠯᠭᠠᠰᠤ | ︵ᠵᠡᠭᠡᠯᠢ ᠭᠤᠳᠤᠮᠵᠢ︶ ᠶᠢᠨ ᠨᠠᠮ ︵ᠠᠵᠢᠯᠯᠠᠬᠤ︶ ᠬᠤᠷᠢᠶ᠎ᠠ ᠬᠡᠷᠡᠭᠵᠢᠭᠦᠯᠬᠦ᠂ ᠲᠣᠰᠬᠤᠨ ︵ᠨᠡᠶᠢᠭᠡᠮ ᠲᠣᠭᠤᠷᠢᠭ︶ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ᠂ ᠨᠡᠶᠢᠭᠡᠮ ᠤᠨ ᠠᠵᠢᠯ ᠤᠨ ᠪᠦᠯᠬᠦᠮ ᠲᠤᠰᠠᠯᠠᠬᠤ ᠠᠵᠢᠯ ᠤᠨ ᠰᠢᠰᠲ᠋ᠧᠮ ᠢ ᠨᠢᠭᠡᠳᠦᠯᠳᠡᠢ ᠲᠦᠯᠦᠪᠵᠢᠬᠦᠯᠦᠨ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠪᠤᠷᠠᠨ ᠲᠤᠰᠠᠯᠠᠬᠤ ᠡᠲᠡᠭᠡᠳ ᠢ ᠨᠡᠶᠢᠳᠡᠮ ᠬᠠᠷᠠᠭᠠᠯᠵᠠᠬᠤ᠂ ᠠᠪᠤᠷᠠᠨ ᠲᠤᠰᠠᠯᠠᠬᠤ ᠡᠩᠨᠡᠭᠡ ᠶᠢ ᠲᠤᠰᠬᠠᠶᠢᠵᠢᠭᠤᠯᠬᠤ᠂ | ᠠᠪᠤᠷᠠᠨ ᠲᠤᠰᠠᠯᠠᠬᠤ ᠦᠢᠯᠡᠴᠢᠯᠡᠭᠡ ᠶᠢ ᠨᠠᠷᠢᠯᠢᠭᠵᠢᠭᠤᠯᠬᠤ᠂ ᠠᠪᠤᠷᠠᠨ ᠲᠤᠰᠠᠯᠠᠬᠤ ᠴᠢᠳᠠᠪᠬᠢ ᠶᠢ ᠥᠷᠭᠡᠳᠭᠡᠬᠦ ᠪᠠᠷ ᠭᠤᠤᠯ ᠪᠤᠯᠭᠠᠵᠤ᠂ ︽ᠪᠣᠳᠠᠰ + | ᠦᠢᠯᠡᠴᠢᠯᠡᠭᠡ︾ ᠶᠢᠨ ᠠᠪᠤᠷᠠᠨ ᠲᠤᠰᠠᠯᠠᠬᠤ ᠲᠥᠷᠥᠯ ᠲᠡᠮᠳᠡᠭᠲᠦ ᠶᠢ ᠢᠳᠡᠪᠬᠢᠲᠡᠶ ᠡᠬᠦᠳᠴᠦ᠂ ᠦᠨᠳᠦᠰᠤᠨ ᠵᠦᠢᠯ ᠢ ᠪᠠᠳᠤᠯᠠᠬᠤ ᠬᠡᠯᠪᠡᠷᠢ ᠶᠢᠨ ᠠᠪᠤᠷᠠᠨ | ᠲᠤᠰᠠᠯᠠᠯᠳᠠ ᠠᠴᠠ ᠦᠢᠯᠡᠴᠢᠯᠡᠭᠡᠨ ᠤ ᠬᠡᠯᠪᠡᠷᠢ ᠶᠢᠨ ᠠᠪᠤᠷᠠᠨ ᠲᠤᠰᠠᠯᠠᠯᠳᠠ ᠲᠡᠶᠢᠰᠢ ᠬᠤᠪᠢᠷᠠᠭᠤᠯᠬᠤ ᠶᠢ ᠠᠬᠢᠭᠤᠯᠤᠭᠰᠠᠨ ᠪᠠᠶᠢᠨ᠎ᠠ᠃ |