︽ᠭᠤᠶᠣ ᠰᠠᠶᠢᠬᠠᠨ ᠳᠤᠮᠳᠠᠳᠤ ᠤᠯᠤᠰ  ᠵᠣᠯ ᠵᠢᠷᠭᠠᠯᠲᠤ ᠠᠶᠠᠯᠠᠯ︾ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠴᠢᠩ ᠱᠦᠢ ᠾᠧ ᠰᠢᠶᠠᠨ ᠤ ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠰᠡᠯᠡᠭᠦᠴᠡᠯ ᠤᠨ ᠬᠡᠭᠡᠷ᠎ᠡ ᠪᠠᠭᠤᠳᠠᠯᠯᠠᠬᠤ ᠤᠯᠠᠷᠢᠯ ᠵᠢᠴᠢ ᠢᠩᠲᠣᠣᠷ ᠲᠡᠭᠦᠬᠦ ᠪᠠᠶᠠᠷ ᠤᠨ ᠡᠬᠢᠯᠡᠯᠲᠡ ᠶᠢᠨ ᠶᠣᠰᠣᠯᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/5/18
      ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠴᠢᠨᠠᠭᠰᠢᠳᠠ ᠠᠬᠢᠭᠤᠯᠵᠤ᠂ ᠰᠣᠶᠣᠯ ᠪᠣᠯᠪᠠᠰᠤᠷᠠᠯ ᠤᠨ ᠵᠢᠭᠤᠯᠴᠢᠯᠠᠯ ᠤᠨ ᠦᠢᠯᠡᠰ ᠢ ᠰᠠᠶᠢᠳᠤᠷ ᠡᠷᠬᠢᠯᠡᠵᠦ᠂ ᠨᠡᠩ ᠤᠯᠠᠨ ᠨᠠᠶᠢᠵᠢ ᠨᠠᠷ ᠢ ᠴᠢᠩ ᠱᠦᠢ ᠾᠧ ᠳᠤ ᠣᠴᠢᠭᠤᠯᠵᠤ᠂ ᠴᠢᠩ ᠱᠦᠢ ᠾᠧ ᠶᠢ ᠣᠶᠢᠯᠠᠭᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠦᠷᠦᠯ ᠲᠡᠮᠳᠡᠭ ᠢ ᠰᠣᠨᠢᠷᠬᠠᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 13  ᠤ ᠡᠳᠦᠷ᠂ ᠴᠢᠩ ᠱᠦᠢ ᠾᠧ ᠰᠢᠶᠠᠨ ᠤ︽ᠭᠤᠶᠣ ᠰᠠᠶᠢᠬᠠᠨ ᠳᠤᠮᠳᠠᠳᠤ ᠤᠯᠤᠰ ·ᠵᠣᠯ ᠵᠢᠷᠭᠠᠯᠲᠤ ᠠᠶᠠᠯᠠᠯ︾᠂︽5·19  ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠰᠡᠯᠡᠭᠦᠴᠡᠯ ᠤᠨ ᠬᠡᠭᠡᠷ᠎ᠡ ᠪᠠᠭᠤᠳᠠᠯᠯᠠᠬᠤ ᠤᠯᠠᠷᠢᠯ ᠵᠢᠴᠢ ᠢᠩᠲᠣᠣᠷ ᠲᠡᠭᠦᠬᠦ ᠪᠠᠶᠠᠷ ᠤᠨ ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠵᠠᠢ᠃      ᠲᠣᠰ ᠤᠳᠠᠭᠠᠨ ᠤ ᠠᠵᠢᠯᠯᠠᠭ᠎ᠠ ᠨᠢ ᠬᠥᠳᠡᠭᠡ ᠲᠣᠰᠬᠤᠨ ᠤ ᠬᠡᠭᠡᠷ᠎ᠡ ᠪᠠᠭᠤᠳᠠᠯᠯᠠᠬᠤ ᠪᠠ ᠢᠩᠲᠣᠣᠷ ᠲᠡᠭᠦᠬᠦ ᠪᠠᠷ ᠭᠤᠣᠯ ᠰᠡᠳᠦᠪ ᠪᠣᠯᠭᠠᠵᠤ᠂ ᠨᠠᠩ ᠣᠯᠠᠨ ᠨᠠᠶᠢᠵᠢ ᠨᠠᠷ ᠢ ᠴᠢᠩ ᠱᠦᠢ ᠾᠧ ᠳᠤ ᠣᠴᠢᠭᠤᠯᠤᠨ᠂ ᠭᠤᠶᠣ ᠰᠠᠶᠢᠬᠠᠨ ᠦᠵᠡᠮᠵᠢ ᠰᠣᠨᠢᠷᠬᠠᠭᠤᠯᠵᠤ᠂ ᠨᠦᠬᠡᠨ ᠭᠡᠷ ᠲᠤ ᠰᠠᠭᠤᠯᠭᠠᠨ᠂ ᠢᠩᠲᠣᠣᠷ ᠲᠡᠭᠦᠭᠦᠯᠵᠦ᠂ ᠵᠢᠮᠢᠰ ᠢᠶᠠᠷ ᠵᠠᠭᠤᠴᠢ ᠪᠣᠯᠭᠠᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠬᠦ ᠪᠠᠷ ᠵᠣᠷᠢᠯᠭ᠎ᠠ ᠪᠠᠨ ᠪᠣᠯᠭᠠᠵᠠᠢ᠃      ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠵᠢᠦᠢ ᠪᠦᠦ ᠵᠤᠸᠠᠩ ᠲᠣᠰᠬᠤᠨ ᠤ ᠢᠩᠲᠣᠣᠷ ᠲᠡᠭᠦᠬᠦ ᠬᠦᠷᠢᠶᠡᠯᠡᠩ ᠳᠤ ᠨᠡᠶᠢᠲᠡ 110 ᠮᠦ 62 ᠳᠤᠯᠠᠭᠠᠨ ᠬᠦᠯᠡᠮᠵᠢ ᠪᠠᠶᠢᠵᠤ᠂ ᠮᠦ ᠪᠦᠷᠢ ᠳᠤ ᠳᠤᠮᠳᠠᠴᠢ ᠪᠠᠷ 40 ᠰᠠᠭᠤᠷᠢ ᠢᠩᠲᠣᠣᠷ ᠤᠨ ᠮᠣᠳᠣ ᠳᠠᠷᠢᠵᠤ᠂ ᠳᠤᠯᠠᠭᠠᠨ ᠬᠦᠯᠡᠮᠵᠢ ᠪᠦᠷᠢ ᠳᠤ 50 ᠣᠷᠴᠢᠮ ᠬᠥᠮᠥᠨ ᠪᠠᠭᠲᠠᠨ᠎ᠠ᠃ᠣᠳᠣᠬᠠᠨ ᠳᠤ᠂ ᠰᠠᠭᠤᠷᠢᠨ ᠭᠠᠵᠠᠷ ᠲᠤ ᠨᠡᠶᠢᠲᠡ 5000 ᠰᠠᠭᠤᠷᠢ ᠢᠩᠲᠣᠣᠷ ᠤᠨ ᠮᠣᠳᠣ ᠵᠠᠶᠢᠯᠠᠵᠤ᠂ ᠡᠯᠪᠡᠭ ᠬᠤᠷᠢᠶᠠᠯᠲᠠ ᠶᠢᠨ ᠬᠤᠭᠤᠴᠠᠭᠠᠨ ᠤ ᠮᠦ ᠪᠦᠷᠢ ᠶᠢᠨ ᠤᠨᠠᠯᠲᠠ ᠵᠢᠱᠢᠯᠲᠡ ᠪᠠᠷ 4000 ᠵᠢᠩ ᠣᠷᠴᠢᠮ ᠬᠦᠷᠬᠦ ᠪᠣᠯᠣᠨ᠎ᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ