ᠵᠠᠩᠵᠤᠨ ᠤ ᠶᠠᠮᠤᠨ ᠤ ᠮᠦᠽᠧᠢ᠄ ᠬᠥᠬᠡᠬᠤᠲᠠ ᠶᠢᠨ ᠬᠠᠭᠠᠰ ᠲᠡᠦᠬᠡ ᠶᠢᠨ ᠲᠦᠯᠦᠭᠡᠯᠡᠯ
ᠨᠡᠶᠢᠲᠡᠯᠡᠭᠰᠡᠨ ᠴᠠᠭ᠄
2023/5/18
      ᠵᠠᠩᠵᠤᠨ ᠤ ᠶᠠᠮᠤᠨ ᠤ ᠮᠦᠽᠧᠢ ᠪᠣᠯ ᠵᠢᠷᠭᠤᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ᠂ ᠴᠢᠩ ᠤᠯᠤᠰ ᠤᠨ ᠦᠶ᠎ᠡ ᠶᠢᠨ ᠰᠦᠢᠶᠤᠸᠠᠨ ᠬᠤᠲᠠ  ᠶᠢᠨ ᠵᠠᠩᠵᠤᠨ ᠤ ᠶᠠᠮᠤᠨ ᠳᠤ ᠲᠦᠰᠢᠭᠯᠡᠨ ᠪᠠᠶᠢᠭᠤᠯᠤᠭᠰᠠᠨ ᠡᠷᠲᠡᠨ ᠤ ᠪᠠᠷᠢᠯᠭ᠎ᠠ ᠶᠢᠨ ᠲᠥᠷᠥᠯ ᠤᠨ ᠲᠤᠰᠬᠠᠢ ᠰᠡᠳᠦᠪᠲᠦ ᠮᠦᠽᠧᠢ ᠶᠤᠮ᠃ ᠤᠯᠠᠭᠠᠨ ᠬᠡᠷᠡᠮ ᠢᠶᠠᠷ ᠬᠦᠷᠢᠶᠡᠯᠡᠭᠳᠡᠵᠦ᠂ ᠲᠣᠭᠤᠷᠢᠯ ᠬᠤᠩᠭᠢᠯ ᠨᠢ ᠨᠠᠮ ᠭᠦᠨ᠂ ᠬᠦᠷᠢᠶᠡᠨ ᠳᠣᠲᠤᠷ᠎ᠠ ᠡᠷᠲᠡᠨ ᠤ ᠮᠣᠳᠣ ᠰᠠᠬᠤᠯᠢᠭ ᠤᠷᠭᠤᠵᠤ᠂ ᠠᠩᠬᠢᠯᠤᠮ᠎ᠠ ᠦᠨᠦᠷ ᠬᠠᠩᠬᠤᠯᠤᠨ᠂ ᠥᠩᠭᠡ ᠦᠵᠡᠮᠵᠢ ᠨᠢ ᠰᠡᠳᠬᠢᠯ ᠢ ᠪᠠᠶᠠᠰᠬᠠᠨ᠎ᠠ᠃ ᠡᠨᠡ ᠬᠦ ᠴᠢᠩ ᠤᠯᠤᠰ ᠤᠨ ᠦᠶ᠎ᠡ ᠶᠢᠨ ᠰᠦᠢᠶᠤᠸᠠᠨ ᠬᠤᠲᠠ ᠶᠢᠨ ᠵᠠᠩᠵᠤᠨ ᠤ ᠶᠠᠮᠤᠨ ᠨᠢ ︽ᠭᠤᠪᠢ ᠶᠢᠨ ᠡᠮᠦᠨᠡᠬᠢ ᠨᠢᠭᠡᠳᠦᠭᠡᠷ ᠣᠷᠳᠣᠨ︾ ᠭᠡᠮᠡᠭᠳᠡᠳᠡᠭ᠃        ᠲᠠᠨᠢᠯᠴᠠᠭᠤᠯᠤᠭᠰᠠᠨ ᠢᠶᠠᠷ᠂ ᠰᠦᠢᠶᠤᠸᠠᠨ ᠬᠤᠲᠠ ᠶᠢᠨ ᠵᠠᠩᠵᠤᠨ ᠤ ᠶᠠᠮᠤᠨ ᠪᠣᠯ ᠴᠢᠩ ᠤᠯᠤᠰ ᠤᠨ ᠦᠶ᠎ᠡ ᠶᠢᠨ ᠨᠠᠢᠮᠠᠨ ᠬᠤᠰᠢᠭᠤᠨ ᠤ ᠰᠡᠷᠭᠡᠶᠢᠯᠡᠨ ᠰᠠᠭᠤᠬᠤ ᠳᠦᠷᠢᠮ ᠤᠨ ᠪᠦᠲᠦᠭᠡᠭᠳᠡᠬᠦᠨ᠂ ᠴᠢᠩ ᠤᠯᠤᠰ ᠤᠨ ᠥᠪᠥᠷ ᠮᠣᠩᠭᠤᠯ ᠣᠷᠣᠨ ᠢ ᠨᠣᠶᠠᠷᠬᠠᠨ ᠬᠠᠮᠢᠶᠠᠷᠬᠤ ᠴᠢᠬᠤᠯᠠ ᠪᠠᠶᠢᠭᠤᠯᠤᠮᠵᠢ ᠶᠢᠨ ᠨᠢᠭᠡ ᠮᠥᠨ ᠃ ᠲᠡᠷᠡ ᠨᠢ ᠴᠢᠩ ᠤᠯᠤᠰ ᠤᠨ ᠦᠶ᠎ᠡ ᠳᠤ ᠲᠥᠪ ᠪᠠ ᠬᠢᠯᠢ ᠬᠢᠵᠠᠭᠠᠷ ᠣᠷᠣᠨ ᠤ ᠬᠠᠷᠢᠯᠴᠠᠭ᠎ᠠ ᠶᠢ ᠨᠡᠪᠲᠡᠷᠡᠭᠦᠯᠬᠦ ᠴᠡᠷᠢᠭ ᠤᠨ ᠶᠠᠪᠤᠳᠠᠯ ᠤᠨ ᠴᠢᠬᠤᠯᠠ ᠪᠠᠯᠭᠠᠰᠤ ᠪᠠ ᠵᠠᠩᠭᠢᠯᠠᠭ᠎ᠠ ᠶᠢᠨ ᠪᠠᠶᠢᠭᠤᠯᠭ᠎ᠠ ᠪᠠᠶᠢᠵᠤ᠂ ᠬᠢᠯᠢ ᠬᠢᠵᠠᠭᠠᠷ ᠤᠨ ᠲᠣᠭᠲᠠᠭᠤᠨ᠂ ᠤᠯᠤᠰ ᠤᠨ ᠨᠢᠭᠡᠳᠦᠯ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠪᠡᠯᠭᠡ ᠲᠡᠮᠳᠡᠭ ᠪᠣᠯᠣᠨ᠎ᠠ᠃ ︽ᠵᠠᠩᠵᠤᠨ ᠤ ᠣᠷᠳᠣᠨ— ᠬᠥᠬᠡᠬᠤᠲᠠ ᠶᠢᠨ ᠬᠠᠭᠠᠰ ᠲᠡᠦᠬᠡ︾᠃       ᠰᠦᠢᠶᠤᠸᠠᠨ ᠬᠤᠳᠠ ᠶᠢᠨ ᠵᠠᠩᠵᠤᠨ ᠤ ᠶᠠᠮᠤᠨ 300 ᠰᠢᠬᠠᠮ ᠵᠢᠯ ᠤᠨ ᠲᠡᠥᠭᠡᠨ ᠣᠨ ᠵᠢᠯ ᠪᠠ ᠤᠯᠤᠰ ᠲᠦᠷᠦ ᠶᠢᠨ ᠬᠤᠪᠢᠷᠠᠯᠲᠠ ᠶᠢ ᠥᠩᠭᠡᠷᠡᠭᠡᠵᠦ ᠂ ᠤᠷᠢᠳ ᠬᠤᠵᠢᠳ 79 ᠵᠠᠩᠵᠤᠨ᠂ 20 ᠤᠳᠠᠭ᠎ᠠ ᠶᠢᠨ ᠵᠠᠬᠢᠷᠭ᠎ᠠ ᠶᠢᠨ ᠵᠠᠩᠵᠤᠨ᠂ ᠬᠤᠰᠢᠭᠤ ᠵᠠᠬᠢᠷᠤᠭᠴᠢ ᠰᠠᠶᠢᠳ᠂ ᠵᠠᠰᠠᠭ ᠤᠨ ᠣᠷᠳᠣᠨ ᠤ ᠲᠡᠷᠢᠭᠦᠯᠡᠭᠴᠢ ᠪᠣᠯᠣᠨ ᠮᠤᠵᠢ ᠶᠢᠨ ᠲᠡᠷᠢᠭᠦᠯᠡᠭᠴᠢ ᠠᠳᠡ  ᠠᠯᠪᠠᠯᠠᠵᠤ᠂ ᠥᠪᠥᠷ ᠮᠣᠩᠭᠤᠯ ᠣᠷᠣᠨ ᠤ ᠤᠯᠤᠰ ᠲᠦᠷᠦ᠂ ᠠᠵᠤ ᠠᠬᠤᠢ᠂ ᠰᠣᠶᠣᠯ ᠤᠨ ᠬᠤᠪᠢᠷᠠᠯᠲᠠ ᠶᠢᠨ ᠲᠥᠪᠯᠡᠷᠡᠩᠭᠦᠢ ᠲᠤᠰᠬᠠᠯ᠂ ᠣᠷᠣᠨ ᠨᠤᠲᠤᠭ ᠤᠨ ᠲᠡᠦᠬᠡ ᠣᠶᠢᠯᠠᠯᠭ᠎ᠠ ᠶᠢᠨ ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃
378785507 (1).jpg
fc1f4134970a304e027062550ea71e81c8175c4.jpg.jpeg
10030r000000gyir10A12.jpg
100f0v000000jknml5136.jpg
ᠢᠷᠡᠯᠲᠡ᠄ ᠬᠦᠬᠡᠬᠤᠲᠠ ᠶᠢᠨ ᠣᠷᠣᠢ ᠶᠢᠨ ᠰᠣᠨᠢᠨ          ᠵᠢᠷᠤᠭ ᠢ ᠰᠦᠯᠵᠢᠶ᠎ᠡ ᠠᠴᠠ ᠪᠠᠭᠤᠯᠭᠠᠪᠠ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ