ᠭᠦᠩᠵᠦ ᠶᠢᠨ ᠣᠷᠳᠣᠨ ᠤ ᠮᠦᠽᠧᠢ᠄ ᠪᠡᠭᠡᠵᠢᠩ ᠠᠴᠠ ᠪᠠᠷᠠᠭᠤᠨᠰᠢᠬᠢ ᠨᠢᠭᠡᠳᠦᠭᠡᠷ ᠣᠷᠳᠣᠨ
ᠨᠡᠶᠢᠲᠡᠯᠡᠭᠰᠡᠨ ᠴᠠᠭ᠄
2023/5/18
      ᠭᠦᠩᠵᠦ ᠶᠢᠨ ᠣᠷᠳᠣᠨ ᠤ ᠮᠦᠽᠧᠢ ᠭᠡᠵᠦ ᠴᠢᠩ ᠤᠨ ᠬᠤᠱᠤᠢ ᠺᠧ ᠵᠢᠩ ᠭᠦᠩᠵᠦ ᠶᠢᠨ ᠣᠷᠳᠣᠨ ᠢ ᠬᠡᠯᠡᠵᠦ ᠪᠤᠶ᠃ ᠭᠦᠩᠵᠦ ᠶᠢᠨ ᠣᠷᠳᠣᠨ ᠤ ᠪᠠᠷᠢᠯᠭ᠎ᠠ ᠶᠢᠨ ᠶᠡᠷᠦᠩᠬᠡᠢ ᠪᠦᠲᠦᠴᠡ ᠨᠢ ᠭᠤᠣᠯ ᠲᠡᠩᠭᠡᠯᠢᠭ ᠢᠶᠠᠷ ᠢᠶᠠᠨ ᠲᠡᠭᠰᠢ ᠬᠡᠮ ᠲᠠᠢ᠂ ᠳᠦᠷᠪᠡᠨ ᠣᠷᠤᠴᠠ ᠲᠠᠪᠤᠨ ᠳᠠᠪᠬᠤᠷ ᠬᠦᠷᠢᠶ᠎ᠡ ᠲᠠᠢ᠂ ᠡᠩᠬᠡ ᠠᠮᠤᠭᠤᠯᠠᠩ ᠤᠨ ᠳᠥᠴᠢᠨ ᠬᠤᠶᠠᠳᠤᠭᠠᠷ ᠣᠨ ︵1703 ᠣᠨ︶ ᠳᠤ ᠪᠠᠶᠢᠭᠤᠯᠤᠭᠳᠠᠵᠤ᠂ ᠣᠳᠣ ᠠᠴᠠ 300 ᠭᠠᠷᠤᠢ ᠵᠢᠯ ᠤᠨ ᠲᠡᠦᠬᠡ ᠲᠠᠢ ᠪᠣᠯᠵᠤ᠂ ᠡᠩᠬᠡ ᠠᠮᠤᠭᠤᠯᠠᠩ ᠬᠠᠭᠠᠨ ᠤ ᠵᠢᠷᠭᠤᠳᠤᠭᠠᠷ ᠥᠬᠢᠨ ᠬᠤᠱᠣᠢ ᠺᠧ ᠵᠢᠩ ᠭᠦᠩᠵᠦ ᠶᠢᠨ ᠬᠠᠯᠬ᠎ᠠ ᠮᠣᠩᠭᠤᠯ ᠤᠨ ᠲᠦᠰᠢᠶᠡᠲᠦ ᠬᠠᠭᠠᠨ ᠤ ᠠᠶᠢᠮᠠᠭ ᠤᠨ ᠵᠠᠰᠠᠭᠲᠤ ᠵᠢᠶᠦ᠋ᠨ ᠸᠠᠩ ᠳ᠋ᠦ᠋ᠨᠳᠤᠪᠳᠤᠷᠵᠢ ᠳᠤ ᠮᠣᠷᠲᠠᠬᠤ ᠳᠤ ᠨᠢ ᠪᠠᠶᠢᠭᠤᠯᠵᠤ ᠥᠭᠭᠦᠭᠰᠡᠨ ᠣᠷᠳᠣᠨ ᠪᠣᠯᠤᠨ᠎ᠠ᠃      ᠬᠤᠱᠤᠢ ᠺᠧ ᠵᠢᠩ ᠭᠦᠩᠵᠦ ᠶᠢᠨ ᠣᠷᠳᠣᠨ ᠪᠣᠯ ᠣᠳᠣᠬᠠᠨ ᠤ ᠪᠥᠬᠦ ᠤᠯᠤᠰ ᠤᠨ ᠴᠣᠷ ᠤᠨ ᠭᠠᠭᠴᠠ ᠪᠦᠷᠢᠨ ᠪᠦᠲᠦᠨ ᠢᠶᠠᠷ ᠢᠶᠠᠨ ᠬᠠᠳᠠᠭᠠᠯᠠᠭᠳᠠᠵᠤ ᠪᠠᠶᠢᠭ᠎ᠠ ᠴᠢᠩ ᠤᠯᠤᠰ ᠤᠨ ᠭᠦᠩᠵᠦ ᠶᠢᠨ ᠣᠷᠳᠣᠨ ᠪᠣᠯᠤᠨ᠎ᠠ᠂ ᠮᠥᠨ ᠴᠦ ᠪᠡᠭᠡᠵᠢᠩ ᠠᠴᠠ ᠪᠠᠷᠠᠭᠤᠨᠰᠢᠬᠢ ᠴᠣᠷ ᠤᠨ ᠭᠠᠭᠴᠠ ᠴᠢᠩ ᠤᠯᠤᠰ ᠤᠨ ᠦᠶ᠎ᠡ ᠶᠢᠨ ᠠᠯᠪᠠᠨ ᠤ ᠮᠠᠶ᠋ᠢᠭ ᠤᠨ ᠪᠠᠷᠢᠯᠭ᠎ᠠ ᠪᠠᠶᠢᠵᠤ᠂ ︽ᠨᠡᠶᠢᠰᠯᠡᠯ ᠠᠴᠠ ᠪᠠᠷᠠᠭᠤᠨᠰᠢᠬᠢ ᠨᠢᠭᠡᠳᠦᠭᠡᠷ ᠣᠷᠳᠣᠨ︾ ᠬᠡᠮᠡᠬᠦ ᠰᠠᠶᠢᠬᠠᠨ ᠨᠡᠷᠡᠶᠢᠳᠦᠯ ᠲᠠᠢ ᠶᠤᠮ᠃ ᠭᠦᠩᠵᠦ ᠶᠢᠨ ᠣᠷᠳᠣᠨ ᠪᠣᠯ ᠴᠢᠩ ᠤᠯᠤᠰ ᠤᠨ ᠦᠶ᠎ᠡ ᠶᠢᠨ ᠸᠠᠩ ᠤᠨ ᠣᠷᠳᠣᠨ ᠤ ᠳᠡᠰ ᠤᠨ ᠡᠷᠲᠡᠨ ᠤ ᠪᠠᠷᠢᠯᠭ᠎ᠠ ᠶᠢᠨ ᠰᠦᠷᠦᠭᠵᠢᠯ᠂ ᠪᠦᠬᠦ ᠤᠯᠤᠰ ᠤᠨ ᠪᠠᠷᠢᠯᠭ᠎ᠠ ᠶᠢᠨ ᠮᠡᠳᠡᠭᠡ ᠵᠠᠩᠭᠢ ᠶᠢ ᠬᠠᠮᠤᠭ ᠠᠴᠠ ᠪᠦᠷᠢᠨ ᠬᠠᠳᠠᠭᠠᠯᠠᠭᠰᠠᠨ ᠴᠢᠩ ᠤᠯᠤᠰ ᠤᠨ ᠭᠦᠩᠵᠦ ᠶᠢᠨ ᠣᠷᠳᠣᠨ᠂ ᠴᠢᠩ ᠤᠯᠤᠰ ᠤᠨ ᠡᠬᠢᠨ ᠤ ᠦᠶ᠎ᠡ  ᠶᠢᠨ ᠠᠯᠪᠠᠨ ᠤ ᠮᠠᠶ᠋ᠢᠭ ᠤᠨ ᠪᠠᠷᠢᠯᠭ᠎ᠠ ᠶᠢᠨ ᠲᠥᠯᠥᠭᠡᠯᠡᠬᠦ ᠴᠢᠨᠠᠷᠲᠠᠢ ᠪᠦᠲᠦᠭᠡᠯ ᠪᠣᠯᠬᠤ ᠶᠤᠮ᠃ ᠲᠡᠭᠦᠨ ᠤ ᠴᠤᠷ ᠤᠨ ᠭᠠᠭᠴᠠ ᠴᠢᠨᠠᠷ ᠪᠠ ᠣᠷᠣᠯᠠᠭᠤᠯᠵᠤ ᠪᠣᠯᠣᠰᠢ ᠦᠭᠡᠢ ᠴᠢᠨᠠᠷ ᠨᠢ ᠰᠣᠶᠣᠯ ᠤᠨ ᠤᠯᠠᠮᠵᠢᠯᠠᠯ ᠤᠨ ᠤᠯᠠᠨ ᠶᠠᠩᠵᠤᠲᠤ ᠴᠢᠨᠠᠷ ᠲᠠᠢ ᠪᠠᠶᠢᠵᠤ᠂ ᠳᠤᠮᠳᠠᠳᠤ ᠤᠯᠤᠰ ᠤᠨ ᠡᠷᠲᠡᠨ ᠤ ᠪᠠᠷᠢᠯᠭ᠎ᠠ ᠶᠢᠨ ᠲᠡᠦᠬᠡ᠂ ᠳᠤᠮᠳᠠᠳᠤ ᠤᠯᠤᠰ ᠤᠨ ᠡᠷᠲᠡᠨ ᠤ ᠦᠶ᠎ᠡ ᠪᠠ ᠡᠪᠰᠡᠯ ᠤᠷᠤᠭ ᠤᠨ ᠲᠡᠥᠬᠡ᠂ ᠬᠢᠯᠢ ᠬᠢᠵᠠᠭᠠᠷ ᠤᠨ ᠦᠨᠳᠦᠰᠦᠲᠡᠨ ᠤ ᠲᠡᠦᠬᠡ᠂ ᠴᠢᠩ ᠤᠯᠤᠰ ᠤᠨ ᠦᠶ᠎ᠡ ᠶᠢᠨ ᠣᠷᠳᠣᠨ ᠤ ᠰᠣᠶᠣᠯ᠂ ᠲᠠᠯ᠎ᠠ ᠨᠤᠲᠤᠭ ᠤᠨ ᠰᠣᠶᠣᠯ ᠵᠡᠷᠭᠡ ᠤᠯᠠᠨ ᠬᠦᠷᠢᠶ᠎ᠡ ᠶᠢ ᠰᠤᠳᠤᠯᠬᠤ ᠴᠢᠬᠤᠯᠠ ᠰᠣᠶᠣᠯ ᠤᠨ ᠠᠴᠢᠶᠠᠯᠠᠪᠤᠷᠢ ᠪᠣᠯᠬᠤ ᠪᠥᠭᠡᠳ ᠨᠡᠩ ᠴᠤ ᠦᠨᠳᠦᠰᠦᠲᠡᠨ ᠤ ᠪᠦᠯᠬᠦᠮᠳᠡᠯ ᠢ ᠤᠬᠠᠭᠤᠯᠬᠤ᠂ ᠤᠯᠤᠰ ᠤᠨ ᠨᠢᠭᠡᠳᠦᠯ ᠢ ᠬᠠᠮᠠᠭᠠᠯᠠᠬᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠴᠢᠬᠤᠯᠠ ᠵᠢᠭᠰᠠᠭᠠᠯ ᠤᠨ ᠭᠠᠵᠠᠷ ᠪᠣᠯᠬᠤ ᠶᠤᠮ᠃ 2001 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠱᠤᠢ ᠺᠧ ᠵᠢᠩ ᠭᠦᠩᠵᠦ ᠶᠢᠨ ᠣᠷᠳᠣᠨ ᠢ ᠪᠦᠬᠦ ᠤᠯᠤᠰ ᠤᠨ ᠭᠤᠣᠯᠳᠠᠯᠭ᠎ᠠ  ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠨᠡᠶᠢᠲᠡᠯᠡᠪᠡ᠃
84ae-8be45620eeb15b38e55de8e99af43dce.jpg
6373809150147724833372293.jpg
6373809149824318382959270 (1).jpg
baf6-9bdaec8a9df6e06bf0c0d51a47dbf962.jpg
d82a-f060eb151f91f852d7af28d5e60cb8a1.jpg
       ᠢᠷᠡᠯᠲᠡ᠄  ᠬᠦᠬᠡᠬᠤᠲᠠ ᠶᠢᠨ ᠣᠷᠣᠢ ᠶᠢᠨ ᠰᠣᠨᠢᠨ                 ᠵᠢᠷᠤᠭ ᠢ ᠰᠦᠯᠵᠢᠶ᠎ᠡ ᠠᠴᠠ ᠪᠠᠭᠤᠯᠭᠠᠪᠠ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ