︽ᠦᠵᠡᠰᠬᠦᠯᠡᠩᠲᠦ ᠰᠠᠶᠢᠬᠠᠨ ᠵᠡᠭᠡᠯᠢ ᠭᠤᠳᠤᠮᠵᠢ︾ ᠨᠢ ᠬᠤᠲᠠ ᠳᠤ ᠠᠮᠢᠵᠢᠷᠠᠯ ᠤᠨ ᠬᠦᠴᠦᠨ ᠨᠡᠮᠡᠷᠢᠯᠡᠵᠦ  ᠪᠠᠶᠢᠨ᠎ᠠ
ᠨᠡᠶᠢᠲᠡᠯᠡᠭᠰᠡᠨ ᠴᠠᠭ᠄
2023/5/18
20230518-1.jpg
      ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠡᠯᠢ ᠳᠠᠭᠠᠤ ᠶᠢᠨ ᠣᠯᠠᠨ ᠵᠡᠭᠡᠯᠢ ᠶᠢᠨ ᠥᠨᠴᠥᠭ ᠤᠨ ᠨᠣᠭᠤᠭᠠᠨ ᠭᠠᠵᠠᠷ ᠲᠤ ᠴᠡᠴᠡᠷᠯᠢᠭ ᠤᠨ ᠠᠵᠢᠯᠴᠢᠳ ᠬᠤᠸᠠᠷ ᠴᠡᠴᠡᠭ ᠢ ᠵᠣᠬᠢᠴᠠᠭᠤᠯᠤᠨ ᠲᠠᠷᠢᠵᠤ᠂ ᠡᠯ᠎ᠡ ᠵᠦᠢᠯ ᠤᠨ ᠬᠤᠸᠠᠷ ᠴᠡᠴᠡᠭ ᠥᠩᠭᠡ ᠪᠤᠯᠢᠶᠠᠯᠳᠤᠨ ᠳᠡᠯᠭᠡᠷᠡᠵᠦ᠂ ᠭᠤᠶᠣ ᠰᠠᠶᠢᠬᠠᠨ ᠴᠡᠴᠡᠭ ᠤᠨ ᠣᠷᠴᠢᠨ ᠳᠤ ︽ᠨᠣᠭᠤᠭᠠᠨ ᠥᠩᠭᠡ ᠪᠠᠷ ᠭᠤᠣᠯᠯᠠᠭᠤᠯᠵᠤ᠂ ᠥᠩᠭᠡ ᠪᠠᠷ ᠴᠢᠮᠡᠭᠯᠡᠭᠰᠡᠨ︾ ᠥᠩᠭᠡ ᠦᠵᠡᠮᠵᠢ ᠪᠦᠷᠢᠯᠳᠦᠵᠦ᠂ ᠬᠤᠲᠠ ᠶᠢᠨ ᠵᠡᠭᠡᠯᠢ ᠶᠢᠨ ᠥᠨᠴᠥᠭ ᠤᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃      ᠡᠨᠡ ᠵᠢᠯ᠂ ᠰᠢᠨ᠎ᠡ ᠬᠤᠲᠠ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠪᠥᠬᠦ ᠲᠣᠭᠤᠷᠢᠭ ᠤᠨ ᠬᠡᠪᠴᠢᠶᠡᠨ ᠳᠤ ︽ᠦᠵᠡᠰᠬᠦᠯᠡᠩᠲᠦ ᠰᠠᠶᠢᠬᠠᠨ ᠵᠡᠭᠡᠯᠢ ᠶᠢᠨ ᠥᠨᠴᠥᠭ︾ ᠤᠨ ᠪᠦᠲᠦᠭᠡᠨ ᠪᠠᠶᠢᠭᠤᠯᠤᠯᠲᠠ ᠵᠢᠴᠢ ᠬᠠᠷᠮᠠᠨ ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠵᠠᠯᠭᠠᠪᠡᠷ ᠥᠷᠨᠢᠭᠦᠯᠵᠦ᠂ ᠬᠤᠲᠠ ᠳᠤ ᠥᠩᠭᠡ ᠪᠤᠳᠤᠭ ᠨᠡᠮᠡᠷᠢᠯᠡᠬᠦ ᠶᠢᠨ ᠬᠠᠮᠲᠤ᠂ ᠬᠤᠲᠠ ᠶᠢᠨ ᠦᠵᠡᠮᠵᠢ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠠᠪᠤᠨ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃      ᠲᠣᠰ ᠤᠳᠠᠭᠠᠨ ᠤ ᠵᠡᠭᠡᠯᠢ ᠶᠢᠨ ᠦᠵᠡᠮᠵᠢ ᠶᠢ ᠳᠡᠭᠡᠭᠰᠢᠯᠡᠭᠦᠯᠬᠦ ᠳᠤ ᠤᠰᠤᠨ ᠳᠤ ᠠᠷᠪᠢᠲᠠᠢ ᠭᠠᠩ ᠬᠠᠭᠰᠠᠷᠠᠭᠠᠨ ᠳᠤ ᠲᠡᠰᠪᠦᠷᠢᠲᠡᠢ᠂ ᠥᠩᠭᠡ ᠪᠤᠳᠤᠭ ᠨᠢ ᠭᠤᠶᠣ ᠮᠥᠷᠲᠡᠭᠡᠨ ᠴᠡᠴᠡᠭᠯᠡᠬᠦ ᠬᠤᠭᠤᠴᠠᠭ᠎ᠠ ᠨᠢ ᠨᠡᠯᠢᠶᠡᠳ ᠣᠷᠳᠣ ᠴᠡᠴᠡᠭ ᠢ ᠬᠡᠷᠡᠭᠯᠡᠵᠦ᠂ ᠬᠤᠨᠳᠠᠭᠠᠨ ᠴᠡᠴᠡᠭ᠂ ᠭᠤᠶᠣ ᠪᠠᠱᠠᠭ᠎ᠠ᠂ ᠮᠡᠯᠡᠷᠡᠭ ᠴᠡᠴᠡᠭ᠂ ᠴᠠᠨ᠎ᠠ ᠴᠡᠴᠡᠭ᠂ ᠲᠦᠮᠡᠨ ᠨᠠᠰᠤᠲᠤ ᠤᠳᠪᠠᠯᠠ᠂ ᠦᠷᠡᠯᠡᠴᠢ ᠡᠪᠡᠰᠦ᠂ ᠬᠤᠯᠤᠭᠠᠨ᠎ᠠ ᠶᠢᠨ ᠰᠡᠭᠦᠯ ᠡᠪᠡᠰᠦ ᠵᠡᠷᠭᠡ ᠨᠡᠶᠢᠲᠡ 4.5 ᠲᠦᠮᠡ ᠭᠠᠷᠤᠢ ᠰᠠᠭᠤᠷᠢ ᠡᠪᠡᠰᠦ ᠳᠠᠷᠢᠵᠠᠢ᠃ᠰᠤᠷᠪᠤᠯᠵᠢᠯᠠᠭᠴᠢ ᠯᠢᠦ ᠱᠠ ᠱᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ