︽ᠪᠤᠭᠤᠷᠤᠯ ᠲᠡᠥᠬᠡ ᠶᠢᠨ ᠬᠦᠯᠦᠭ ᠤᠨ ᠮᠠᠭᠲᠠᠭᠠᠯ︾  ᠢ ᠬᠦᠬᠡᠲᠠᠯ᠎ᠠ ᠳᠤ ᠲᠤᠭᠯᠠᠯ᠎ᠠ
ᠨᠡᠶᠢᠲᠡᠯᠡᠭᠰᠡᠨ ᠴᠠᠭ᠄
2023/5/19
      ᠥᠴᠥᠭᠡᠳᠦᠷ ᠣᠷᠣᠢ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠵᠣᠬᠢᠶᠠᠨ ᠪᠦᠲᠦᠭᠡᠭᠰᠡᠨ ᠪᠦᠲᠦᠨ ᠦᠵᠡᠭᠳᠡᠯᠲᠦ ᠮᠣᠷᠢᠨ ᠮᠡᠷᠭᠡᠵᠢᠯ ᠤᠨ ᠪᠥᠵᠢᠭᠲᠦ ᠵᠦᠴᠦᠭᠡ ︽ᠪᠤᠭᠤᠷᠤᠯ ᠲᠡᠥᠬᠡ ᠶᠢᠨ ᠬᠦᠯᠦᠭ ᠤᠨ ᠮᠠᠭᠲᠠᠭᠠᠯ︾ ᠢ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠲᠤ ᠲᠣᠭᠯᠠᠪᠠ᠃ ᠲᠤᠰ ᠵᠦᠴᠦᠭᠡ ᠨᠢ ︽  ᠡᠵᠡᠨ ᠬᠦᠯᠦᠭ ᠤᠨ ᠪᠠᠷᠢᠯᠳᠤᠯᠭ᠎ᠠ︾ ︽ᠮᠣᠷᠢᠲᠠᠨ ᠤ ᠦᠯᠦᠭᠡᠢ︾ ︽ᠮᠣᠷᠢᠲᠠᠢ ᠳᠣᠮᠤᠭ︾ ︽ᠡᠷᠭᠡ ᠴᠢᠯᠦᠭᠡᠲᠦ ᠲᠡᠭᠷᠢ ᠶᠢᠨ ᠤᠨᠠᠭ᠎ᠠ︾ ᠭᠡᠬᠦ ᠳᠥᠷᠪᠡᠨ ᠪᠦᠯᠦᠭ ᠢᠶᠠᠷ ᠪᠦᠷᠢᠯᠳᠦᠵᠦ᠂ ᠡᠵᠡᠨ ᠬᠦᠯᠦᠭ ᠬᠤᠶᠠᠷ ᠤᠨ ᠭᠦᠨ ᠰᠡᠳᠬᠢᠯᠭᠡ ᠪᠠᠲᠤ ᠪᠠᠷᠢᠯᠳᠤᠯᠭ᠎ᠠ ᠶᠢ ᠬᠠᠷᠠᠭᠤᠯᠤᠭᠰᠠᠨ ᠪᠠᠶᠢᠨ᠎ᠠ᠃ ᠪᠦᠬᠦᠶᠢᠯᠡ ᠲᠣᠭᠯᠠᠯᠲᠠ ᠳᠤ ᠨᠡᠶᠢᠲᠡ 7 ᠲᠥᠷᠥᠯ ᠤᠨ 100 ᠭᠠᠷᠤᠢ ᠮᠣᠷᠢ ᠂ 80 ᠭᠠᠷᠤᠢ ᠤᠨᠤᠭᠠᠴᠢ ᠣᠷᠣᠯᠴᠠᠵᠠᠢ᠃ ᠶᠡᠷᠦᠩᠬᠡᠢ ᠤᠳᠤᠷᠢᠳᠤᠭᠠᠴᠢ ᠮᠦ ᠴᠢᠩ ᠤᠨ ᠲᠠᠨᠢᠯᠴᠠᠭᠤᠯᠤᠭᠰᠠᠨ ᠢᠶᠠᠷ᠂ 2023 ᠣᠨ ᠤ ︽ᠪᠤᠭᠤᠷᠤᠯ ᠲᠡᠥᠬᠡ ᠶᠢᠨ ᠬᠦᠯᠦᠭ ᠤᠨ ᠮᠠᠭᠲᠠᠭᠠᠯ︾ ᠨᠢ ᠤᠤᠯ ᠪᠦᠲᠦᠭᠡᠯ ᠤᠨ ᠢᠶᠠᠨ ᠰᠠᠭᠤᠷᠢᠨ ᠳᠡᠭᠡᠷ᠎ᠡ ᠳᠠᠬᠢᠨᠲᠠ ᠲᠡᠭᠡᠭᠰᠢᠯᠡᠭᠦᠯᠵᠦ ᠵᠠᠰᠠᠪᠤᠷᠢ ᠣᠷᠣᠭᠤᠯᠬᠤ ᠪᠠᠷ ᠳᠡᠮᠵᠢᠨ᠂ ᠵᠠᠷᠢᠮ ᠰᠢᠨ᠎ᠡ ᠠᠭᠤᠯᠭ᠎ᠠ ᠪᠠ ᠰᠢᠨ᠎ᠡ ᠢᠯᠡᠳᠬᠡᠬᠦ ᠠᠷᠭ᠎ᠠ ᠬᠡᠯᠪᠡᠷᠢ ᠶᠢ ᠨᠡᠮᠡᠵᠦ᠂ ᠬᠥᠮᠥᠨ ᠮᠣᠷᠢᠨ ᠤ ᠬᠤᠭᠤᠷᠣᠨᠳᠣᠬᠢ ᠭᠦᠨ ᠵᠤᠵᠠᠭᠠᠨ ᠬᠠᠶᠢᠷ᠎ᠠ ᠰᠡᠳᠬᠢᠯᠭᠡ  ᠶᠢ ᠠᠭᠤᠳᠠᠯᠤᠭᠰᠠᠨ ᠤᠷᠠᠯᠢᠭ ᠤᠨ ᠲᠤᠤᠯᠢᠰ ᠪᠣᠯᠤᠭᠰᠠᠨ ᠪᠠᠶᠢᠨ᠎ᠠ᠃
           ᠳᠠᠳᠤᠯᠭ᠎ᠠ ᠶᠢᠨ ᠰᠤᠷᠪᠤᠯᠵᠢᠯᠠᠭᠴᠢ ᠵᠧᠩ ᠶᠠᠨ ᠬᠤᠢ  ᠾᠧ ᠬᠤᠤ ᠯᠦᠩ ᠰᠡᠭᠦᠳᠡᠷᠯᠡᠪᠡ      ᠢᠷᠡᠯᠲᠡ᠄ ᠬᠦᠬᠡᠬᠤᠲᠠ ᠶᠢᠨ ᠬᠠᠮ ᠵᠠᠭᠤᠴᠢᠯᠠᠭᠤᠷ ᠤᠨ ᠠᠯᠪᠠᠨ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ