ᠠᠷᠪᠠᠨ ᠲᠠᠪᠤᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ 6 ᠳ᠋ᠤᠭᠠᠷ ᠰᠠᠷ᠎ᠠ ᠶᠢᠨ 8 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2023/5/19
      ᠬᠢᠵᠢᠭ ᠤᠨ ᠪᠠᠶᠢᠳᠠᠯ ᠤᠨ ᠳᠠᠷᠠᠭ᠎ᠠ ᠪᠥᠬᠦ ᠪᠥᠮᠪᠥᠷᠴᠡᠭ ᠵᠢᠴᠢ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠳᠠᠭᠠᠯᠳᠤᠨ᠂ ᠮᠠᠰᠢᠨ ᠲᠡᠷᠭᠡᠨ ᠤ ᠠᠵᠢᠯ ᠲᠥᠷᠥᠯ ᠤᠨ ᠬᠢᠨ ᠰᠡᠷᠭᠦᠯᠲᠡ ᠶᠢᠨ  ᠠᠯᠬᠤᠭ᠎ᠠ ᠪᠠᠨ ᠠᠯᠬᠤᠮ ᠠᠯᠬᠤᠮ ᠢᠶᠠᠷ ᠲᠦᠷᠭᠡᠳᠬᠡᠵᠦ᠂ ᠢᠯᠠᠩᠭᠤᠶ᠎ᠠ ᠨᠢᠳᠤᠨᠤᠨ ᠤ ᠳᠣᠣᠷ᠎ᠠ ᠬᠠᠭᠠᠰ ᠵᠢᠯ ᠠᠴᠠ ᠨᠠᠰᠢ ᠤᠯᠤᠰ ᠤᠨ ᠬᠤᠯᠪᠣᠭᠳᠠᠯ ᠪᠦᠬᠦᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠠ ᠬᠡᠷᠡᠭᠯᠡᠭᠡ ᠳᠤ ᠰᠡᠳᠡᠯᠲᠡ ᠥᠭᠬᠦ ᠠᠷᠭ᠎ᠠ ᠬᠡᠮᠵᠢᠶ᠎ᠡ ᠨᠢ ᠮᠠᠰᠢᠨ ᠲᠡᠷᠭᠡᠨ ᠤ  ᠪᠣᠷᠤᠯᠠᠭᠤᠯᠭ᠎ᠠ ᠶᠢ ᠲᠠᠶᠢᠴᠢᠯᠠᠭᠰᠠᠨ ᠪᠠᠶᠢᠨ᠎ᠠ᠃ ᠳᠤᠮᠳᠠᠳᠤ ᠤᠯᠤᠰ ᠤᠨ ᠮᠠᠰᠢᠨ ᠮᠧᠬᠠᠨᠢᠭ ᠤᠨ ᠤᠯᠠᠨ ᠤᠯᠤᠰ ᠤᠨ ᠬᠠᠮᠲᠤᠷᠠᠯᠴᠠᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠬᠢᠯᠡᠭᠰᠡᠨ 2023  ᠣᠨ ᠤ ᠠᠷᠪᠠᠨ ᠲᠠᠪᠤᠳᠤᠭᠠᠷ ᠬᠤᠭᠤᠴᠠᠭᠠᠨ ᠤ ᠬᠥᠬᠡᠬᠤᠲᠠ ᠶᠢᠨ ᠤᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ︵ᠳᠣᠣᠷ᠎ᠠ ︽ᠬᠦᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ︾ ᠭᠡᠵᠦ ᠲᠦᠭᠦᠮᠴᠢᠯᠡᠶ᠎ᠡ︶  6  ᠳ᠋ᠤᠭᠠᠷ ᠰᠠᠷ᠎ᠠ ᠶᠢᠨ 8  ᠠᠴᠠ 12 ᠤᠨ ᠡᠳᠦᠷ ᠪᠣᠯᠲᠠᠯ᠎ᠠ ᠥᠪᠥᠷ ᠮᠣᠩᠭᠤᠯ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠬᠤ ᠪᠠᠷ ᠪᠣᠢ᠃      ᠲᠣᠰ ᠬᠤᠭᠤᠴᠠᠭᠠᠨ ᠤ  ᠦᠵᠡᠭᠦᠯᠦᠯᠭᠡ ᠨᠢ ︽ᠤᠶᠤᠨᠯᠢᠭ ᠢᠷᠡᠭᠡᠳᠦᠢ᠂ ᠪᠣᠬᠢᠷᠲᠤᠯ ᠦᠭᠡᠢ ᠠᠶᠠᠯᠠᠯ︾ ᠢᠶᠠᠷ ᠭᠤᠣᠯ ᠰᠡᠳᠦᠪ ᠪᠣᠯᠭᠠᠵᠤ᠂ ᠦᠵᠡᠰᠬᠦᠯᠡᠩ᠂ ᠰᠢᠨ᠎ᠡ ᠦᠢᠯᠡᠳᠬᠦᠨ ᠨᠡᠶᠢᠲᠡᠯᠡᠬᠦ ᠬᠤᠷᠠᠯ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠮᠠᠰᠢᠨ ᠲᠡᠷᠭᠡᠨ ᠤ ᠠᠵᠤ ᠦᠢᠯᠡᠰ ᠤᠨ ᠥᠷᠲᠡᠭ ᠤᠨ ᠬᠡᠯᠬᠢᠶ᠎ᠡ ᠶᠢᠨ ᠥᠷᠭᠡᠴᠡ ᠪᠠ ᠭᠦᠨᠴᠡ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠨᠠᠩ ᠶᠡᠭᠡ ᠨᠥᠯᠥᠭᠡᠯᠡᠬᠦ ᠬᠦᠴᠦᠨ ᠪᠠ ᠬᠤᠳᠠᠯᠳᠤᠭᠠᠨ ᠤ ᠥᠷᠲᠡᠭ ᠤᠨ ᠬᠦᠴᠦᠨ ᠲᠠᠢ ᠮᠠᠰᠢᠨ ᠲᠡᠷᠭᠡᠨ ᠤ ᠦᠪᠡᠳᠡᠭᠰᠢ ᠴᠤᠭᠯᠠᠭᠠᠨ ᠢ ᠡᠷᠬᠢᠯᠡᠬᠦ ᠪᠠᠷ ᠪᠠᠶᠢᠨ᠎ᠠ᠃      2008 ᠣᠨ ᠳᠤ ᠡᠬᠢᠯᠡᠵᠦ ᠡᠷᠬᠢᠯᠡᠭᠰᠡᠨ ᠠᠴᠠ ᠨᠠᠰᠢ᠂ ᠬᠥᠬᠡᠬᠤᠲᠠ ᠶᠢᠨ ᠣᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠶᠢᠨ ᠬᠡᠪᠴᠢᠶ᠎ᠡ ᠵᠢᠯ ᠳᠠᠷᠠᠭᠠᠯᠠᠨ ᠥᠷᠭᠡᠳᠴᠦ᠂ ᠦᠵᠡᠭᠦᠯᠦᠯᠭᠡ ᠳᠤ ᠣᠷᠣᠯᠴᠠᠬᠤ ᠬᠤᠳᠠᠯᠳᠤᠭᠠᠴᠢᠨ ᠲᠠᠰᠤᠷᠠᠯᠲᠠ ᠦᠭᠡᠢ ᠨᠡᠮᠡᠭᠳᠡᠨ᠂ ᠣᠳᠣᠬᠠᠨ ᠳᠤ ᠨᠢᠭᠡᠨᠲᠡ 14 ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠮᠢᠩᠭ᠎ᠠ ᠭᠠᠷᠤᠢ ᠠᠵᠤ ᠠᠬᠤᠶᠢᠯᠠᠯ ᠦᠵᠡᠭᠦᠯᠦᠯᠭᠡ ᠳᠤ ᠣᠷᠣᠯᠴᠠᠵᠤ᠂ ᠣᠷᠤᠯᠴᠠᠭᠰᠠᠨ ᠲᠤᠰᠬᠠᠢ ᠮᠡᠷᠭᠡᠵᠢᠯ ᠤᠨ ᠬᠦᠮᠦᠨ ᠤ ᠲᠤᠭ᠎ᠠ ᠠᠷᠪᠠᠨ ᠲᠦᠮᠡ ᠶᠢ ᠳᠠᠪᠠᠵᠤ᠂ ᠠᠵᠢᠯ ᠲᠥᠷᠥᠯ ᠤᠨ ᠳᠣᠲᠣᠷᠠᠬᠢ ᠬᠠᠮᠤᠭ ᠠᠴᠠ ᠣᠷᠤᠯᠴᠠᠬᠤ ᠦᠨ᠎ᠡ ᠥᠷᠲᠡᠭ ᠪᠦᠬᠦᠢ ᠦᠵᠡᠭᠦᠯᠦᠯᠭᠡ ᠪᠣᠯᠤᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠡᠨᠧᠷᠭᠢ ᠶᠢᠨ ᠠᠵᠤ ᠦᠢᠯᠡᠰ ᠲᠤ ᠢᠳᠡᠪᠬᠢᠲᠡᠢ ᠬᠦᠴᠦ ᠣᠷᠤᠭᠤᠯᠵᠤ᠂ ᠶᠡᠭᠡ ᠬᠡᠮᠵᠢᠶᠡᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠥᠷᠥᠯ ᠵᠦᠢᠯ ᠢ ᠡᠯ᠎ᠡ ᠠᠶᠢᠮᠠᠭ ᠬᠤᠲᠠ ᠳᠤ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠮᠵᠢᠶ᠎ᠡ ᠪᠠ ᠨᠡᠪᠴᠢᠯᠲᠡ ᠶᠢᠨ ᠨᠣᠷᠮ᠎ᠠ ᠴᠤ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠲᠦᠷᠭᠡᠨ ᠬᠥᠭᠵᠢᠵᠦ ᠪᠠᠶᠢᠭ᠎ᠠ ᠪᠠᠶᠢᠳᠠᠯ ᠳᠣᠣᠷ᠎ᠠ᠂ ᠠᠵᠢᠯ ᠲᠦᠷᠦᠯ ᠤᠨ ᠴᠢᠭᠯᠡᠯ ᠬᠠᠨᠳᠤᠰᠢ ᠶᠢᠨ ᠳᠠᠭᠠᠭᠤᠯᠤᠭᠴᠢ ᠪᠣᠯᠤᠭᠰᠠᠨ ᠬᠥᠬᠡᠬᠤᠲᠠ ᠶᠢᠨ ᠤᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ ᠨᠢ ᠲᠤᠰ ᠬᠤᠭᠤᠴᠠᠭᠠᠨ ᠤ ᠦᠵᠡᠭᠦᠯᠦᠯᠭᠡ ᠳᠤ ᠪᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠵᠡᠭᠦᠯᠦᠯᠭᠡ ᠶᠢᠨ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠪᠣᠬᠢᠷᠲᠤᠯ ᠦᠭᠡᠢ ᠠᠶᠠᠯᠠᠯ ᠢ ᠬᠥᠲᠥᠯᠥᠨ ᠳᠠᠭᠠᠭᠤᠯᠬᠤ ᠶᠢ ᠵᠣᠷᠢᠵᠠᠢ᠃        ︵ᠬᠦᠬᠡᠬᠤᠲᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠵᠠᠩ ᠸᠧᠨ ᠵᠢᠤᠸᠠᠨ︶        ᠢᠷᠡᠯᠲᠡ᠄ ᠬᠦᠬᠡᠬᠤᠲᠠ ᠶᠢᠨ ᠬᠠᠮ ᠵᠠᠭᠤᠴᠢᠯᠠᠭᠤᠷ ᠤᠨ ᠠᠯᠪᠠᠨ ᠰᠦᠯᠵᠢᠶ᠎ᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ