ᠬᠥᠬᠡᠬᠤᠲᠠ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/19
      ︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠥᠬᠡᠬᠤᠲᠠ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ᠂ ᠰᠢᠭᠤᠳ ᠬᠠᠷᠢᠶ᠎ᠠ ᠬᠤᠳᠠᠯᠳᠤᠭᠠᠴᠢᠳ ᠤᠨ ᠨᠡᠶᠢᠭᠡᠮᠯᠢᠭ ᠤᠨ ᠲᠥᠯᠥᠭᠡᠯᠡᠭᠴᠢ᠂ ᠪᠠᠶᠢᠭᠤᠯᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ︱ ᠵᠤᠤ ᠵᠢᠶᠦ᠋ᠨ ᠮᠦᠽᠧᠢ ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃      ᠤᠯᠠᠨ ᠢᠶᠠᠷ ᠢᠶᠠᠨ ᠵᠤᠤ ᠵᠢᠶᠦ᠋ᠨ ᠮᠦᠽᠧᠢ ᠶᠢ ᠲᠣᠭᠤᠷᠢᠨ ᠦᠵᠡᠬᠦ ᠳᠤᠮᠳᠠ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠤᠯᠠᠨ ᠡᠰᠢᠴᠢᠯᠡᠭᠰᠡᠨ ᠨᠢᠭᠡ ᠴᠤᠭᠴᠠᠲᠤ ᠪᠠᠶᠢᠷᠢᠰᠢᠯ ᠢ ᠣᠶᠢᠯᠠᠭᠠᠪᠠ᠃ ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ᠂ ᠵᠤᠤ ᠵᠢᠶᠦ᠋ᠨ ᠮᠦᠽᠧᠢ ᠶᠢᠨ ᠵᠤᠤ ᠵᠢᠶᠦ᠋ᠨ ᠤ ᠰᠣᠶᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠬᠠᠰ ᠤᠯᠠᠨ ᠳᠤ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠡᠢ᠃      ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠤᠨ ᠬᠠᠮᠠᠭᠠᠯᠠᠭᠴᠢ᠂ ᠦᠢᠯᠡᠳᠦᠯᠭᠡᠵᠢᠭᠦᠯᠦᠭᠴᠢ᠂ ᠰᠠᠨᠠᠭᠠᠴᠢᠯᠠᠭᠴᠢ ᠪᠠ ᠤᠬᠠᠭᠤᠯᠤᠭᠴᠢ ᠪᠣᠯᠬᠤ ᠪᠠᠷ ᠴᠢᠷᠮᠠᠶᠢᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ