ᠴᠠᠭ ᠠᠭᠤᠷ ᠤᠨ ᠪᠠᠶᠢᠳᠠᠯ ᠤᠨ ᠵᠠᠳᠠᠯᠤᠯᠲᠠ ᠶᠢ ᠦᠨᠳᠦᠰᠦᠯᠡᠪᠡᠯ᠂ ᠵᠢᠱᠢᠯᠲᠡ ᠪᠠᠷ 5 ᠳ᠋ᠤᠭᠠᠷ ᠰᠠᠷ᠎ᠠ ᠶᠢᠨ 18 ᠤ ᠡᠳᠦᠷ ᠠᠴᠠ 20 ᠤ ᠡᠳᠦᠷ | ᠪᠣᠯᠲᠠᠯ᠎ᠠ᠂ ᠮᠠᠨ ᠤ ᠬᠤᠲᠠ ᠳᠤ ᠶᠡᠭᠡ ᠰᠠᠯᠬᠢ ᠰᠠᠯᠬᠢᠯᠠᠵᠤ᠂ ᠳᠤᠯᠠᠭᠠᠨ ᠤ ᠬᠡᠮᠵᠢᠶ᠎ᠡ ᠪᠠᠭᠤᠷᠠᠵᠤ᠂ ᠲᠠᠷᠠᠬᠠᠢ ᠴᠢᠨᠠᠷᠲᠠᠢ ᠪᠠᠷ ᠪᠣᠷᠣᠭᠠᠨ ᠣᠷᠣᠨ᠎ᠠ᠃ | ᠵᠢᠱᠢᠯᠲᠡ ᠪᠠᠷ 18 ᠤ ᠡᠳᠦᠷ ᠤᠨ ᠦᠳᠡ ᠶᠢᠨ ᠬᠤᠶᠢᠨ᠎ᠠ ᠠᠴᠠ ᠰᠥᠨᠢ ᠪᠣᠯᠲᠠᠯ᠎ᠠ᠂ ᠪᠥᠬᠦ ᠬᠤᠲᠠ ᠳᠤ ᠲᠠᠷᠠᠬᠠᠢ ᠴᠢᠨᠠᠷᠲᠠᠢ ᠪᠣᠷᠣᠭᠠᠨ ᠪᠤᠶᠤ | ᠠᠶᠤᠩᠭᠠᠲᠤ ᠪᠣᠷᠣᠭᠠᠨ ᠣᠷᠤᠬᠤ ᠪᠥᠭᠡᠳ ᠣᠬᠤᠷᠬᠠᠨ ᠬᠤᠭᠤᠴᠠᠭᠠᠨ ᠳᠤ ᠠᠶᠤᠩᠭᠠᠲᠤ ᠪᠣᠷᠣᠭᠠᠨ ᠣᠷᠤᠵᠤ ᠶᠡᠭᠡ ᠰᠠᠯᠬᠢ ᠰᠠᠯᠬᠢᠯᠠᠬᠤ ᠵᠡᠷᠭᠡ ᠰᠣᠯᠢᠭ | ᠤᠷᠤᠰᠬᠠᠯᠲᠤ ᠴᠠᠭ ᠠᠭᠤᠷ ᠢᠯᠡᠷᠡᠵᠦ ᠮᠡᠳᠡᠨ᠎ᠡ︔ 19 ᠤ ᠡᠳᠦᠷ ᠠᠴᠠ 21 ᠤ ᠡᠳᠦᠷ ᠪᠣᠯᠲᠠᠯ᠎ᠠ ᠠᠭᠠᠷ ᠤᠨ ᠳᠤᠯᠠᠭᠠᠨ ᠨᠡᠶᠢᠳᠡᠮ ᠳᠡᠭᠡᠨ 8~10℃ | ᠳᠣᠷᠣᠭᠰᠢᠯᠠᠵᠤ᠂ 20 ᠤ ᠡᠳᠦᠷ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠡᠶᠢᠳᠡᠮ ᠳᠡᠭᠡᠨ 20℃ ᠠᠴᠠ ᠳᠣᠷᠣᠭᠰᠢ ᠪᠣᠯᠵᠤ᠂ ᠦᠴᠦᠸᠠᠨ | ᠰᠢᠶᠠᠨ 13℃ ᠣᠷᠴᠢᠮ ᠪᠣᠯᠲᠠᠯ᠎ᠠ ᠳᠣᠷᠣᠭᠰᠢᠯᠠᠨ᠎ᠠ︔20 ᠤ ᠡᠳᠦᠷ ᠤᠨ ᠥᠷᠯᠥᠭᠡ᠂ 21 ᠤ ᠡᠳᠦᠷ ᠤᠨ ᠥᠷᠯᠥᠭᠡ ᠶᠢᠨ ᠬᠠᠮᠤᠭ ᠤᠨ ᠳᠣᠣᠷ᠎ᠠ | ᠠᠭᠠᠷ ᠤᠨ ᠳᠤᠯᠠᠭᠠᠨ ᠦᠴᠦᠸᠠᠨ ᠰᠢᠶᠠᠨ ᠳᠤ 0℃ ᠣᠷᠴᠢᠮ ᠪᠣᠯᠵᠤ᠂ ᠪᠤᠰᠤᠳ ᠭᠠᠵᠠᠷ ᠣᠷᠣᠨ ᠳᠤ 4℃ ᠣᠷᠴᠢᠮ ᠪᠣᠯᠤᠨ᠎ᠠ᠂ ᠦᠴᠦᠸᠠᠨ ᠰᠢᠶᠠᠨ | ᠵᠢᠴᠢ ᠠᠭᠤᠯᠠ ᠳᠠᠭᠠᠤ ᠶᠢᠨ ᠭᠠᠵᠠᠷ ᠣᠷᠣᠨ ᠳᠤ ᠬᠢᠷᠠᠭᠤ ᠤᠨᠠᠬᠤ ᠪᠤᠶᠤ ᠬᠥᠩᠭᠡᠨ ᠬᠢᠷᠠᠭᠤ ᠤᠨᠠᠬᠤ ᠪᠠᠶᠢᠳᠠᠯ ᠭᠠᠷᠴᠤ ᠮᠡᠳᠡᠨ᠎ᠡ︔18 ᠤ ᠡᠳᠦᠷ ᠤᠨ | ᠦᠳᠡ ᠶᠢᠨ ᠬᠤᠶᠢᠨ᠎ᠠ ᠠᠴᠠ 21 ᠤ ᠡᠳᠦᠷ ᠪᠣᠯᠲᠠᠯ᠎ᠠ ᠪᠥᠬᠦ ᠬᠤᠲᠠ ᠶᠢᠨ ᠶᠡᠬᠡᠩᠬᠢ ᠭᠠᠵᠠᠷ ᠤᠨ ᠰᠠᠯᠬᠢᠨ ᠤ ᠬᠦᠴᠦ ᠨᠡᠯᠢᠶᠡᠳ ᠶᠡᠭᠡ ᠪᠠᠶᠢᠵᠤ᠂ ᠳᠤᠮᠳᠠᠴᠢ | ᠰᠠᠯᠬᠢᠨ ᠤ ᠬᠦᠴᠦ ᠨᠢ 4᠂ 5 ᠲᠠᠰ ᠲᠤ ᠬᠦᠷᠴᠦ᠂ ᠬᠡᠰᠡᠭ ᠲᠡᠭᠡᠨ6᠂ 7 ᠲᠠᠰ ᠲᠤ ᠬᠦᠷᠦᠨ᠎ᠡ᠃18 ᠤ ᠦᠳᠡ ᠶᠢᠨ ᠬᠤᠶᠢᠨ᠎ᠠ ᠠᠴᠠ 19 ᠤ ᠡᠳᠦᠷ | ᠪᠣᠯᠲᠠᠯ᠎ᠠ ᠡᠯᠡᠰᠦᠨ ᠰᠢᠭᠤᠷᠭ᠎ᠠ ᠲᠠᠢ ᠴᠠᠭ ᠠᠭᠤᠷ ᠳᠠᠭᠠᠯᠳᠤᠨ ᠢᠯᠡᠷᠡᠬᠦ ᠪᠣᠯᠣᠯᠴᠠᠭ᠎ᠠ ᠲᠠᠢ᠃ 18 ᠤ ᠡᠳᠦᠷ ᠤᠨ ᠣᠷᠣᠢ ᠠᠴᠠ ᠰᠥᠨᠢ ᠪᠣᠯᠲᠠᠯ᠎ᠠ ᠤᠬᠤᠷᠬᠠᠨ | ᠬᠤᠭᠤᠴᠠᠭᠠᠨ ᠳᠤ ᠠᠶᠤᠩᠭᠠᠲᠤ ᠪᠣᠷᠣᠭᠠᠨ ᠣᠷᠤᠵᠤ ᠶᠡᠭᠡ ᠰᠠᠯᠬᠢᠨ ᠰᠠᠯᠬᠢᠯᠠᠵᠤ ᠮᠡᠳᠡᠨ᠎ᠡ᠃ | ᠢᠷᠡᠬᠦ ᠬᠡᠳᠦᠨ ᠡᠳᠦᠷ ᠲᠤ ᠮᠠᠨ ᠤ ᠬᠤᠲᠠ ᠶᠢᠨ ᠰᠠᠯᠬᠢᠨ ᠤ ᠬᠦᠴᠦ ᠨᠡᠯᠢᠶᠡᠳ ᠶᠡᠭᠡ ᠪᠣᠯᠬᠤᠷ ᠭᠡᠷ ᠤᠨ ᠭᠠᠳᠠᠨᠠᠬᠢ ᠬᠦᠷᠢᠶ᠎ᠡ ᠬᠠᠪᠲᠠᠰᠤ᠂ ᠵᠠᠷ ᠮᠡᠳᠡᠭᠡᠨ ᠤ | ᠫᠠᠶᠢᠰᠠ᠂ ᠬᠦᠯᠡᠮᠵᠢ ᠶᠢᠨ ᠲᠥᠬᠦᠭᠡᠷᠦᠮᠵᠢ ᠵᠡᠷᠭᠡ ᠶᠢ ᠪᠠᠬᠢᠯᠡᠵᠦ ᠬᠠᠮᠠᠭᠠᠯᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠶᠢ ᠰᠠᠨᠠᠭᠤᠯᠤᠶ᠎ᠠ︔ ᠳᠤᠯᠠᠭᠠᠨ ᠤ | ᠬᠡᠮᠵᠢᠶ᠎ᠡ ᠪᠠᠭᠤᠷᠠᠬᠤ ᠬᠤᠭᠤᠴᠠᠭᠠᠨ ᠳᠤ ᠬᠤᠲᠠ ᠶᠢᠨ ᠠᠷᠠᠳ ᠭᠠᠳᠠᠭᠰᠢ ᠭᠠᠷᠬᠤ ᠳᠠᠭᠠᠨ ᠬᠤᠪᠴᠠᠰᠤ ᠬᠤᠨᠠᠷ ᠢᠶᠠᠨ ᠵᠤᠵᠠᠭᠠᠯᠠᠭᠠᠷᠠᠢ᠂ 20 ᠠᠴᠠ 21 ᠤ | ᠡᠳᠦᠷ ᠤᠨ ᠥᠷᠯᠥᠭᠡ ᠪᠣᠯᠲᠠᠯ᠎ᠠ ᠦᠴᠦᠸᠠᠨ ᠰᠢᠶᠠᠨ ᠪᠣᠯᠣᠨ ᠠᠭᠤᠯᠠ ᠳᠠᠭᠠᠤ ᠭᠠᠵᠠᠷ ᠣᠷᠣᠨ ᠬᠢᠷᠠᠭᠤ ᠤᠨᠠᠬᠤ ᠪᠤᠶᠤ ᠬᠥᠩᠭᠡᠨ ᠬᠢᠷᠠᠭᠤ ᠤᠨᠠᠬᠤ ᠶᠢ | ᠤᠷᠢᠳᠴᠢᠯᠠᠨ ᠰᠡᠷᠭᠡᠶᠢᠯᠡᠬᠦ ᠶᠢ ᠠᠩᠬᠠᠷᠤᠭᠠᠷᠠᠢ᠃ | ︵ᠰᠤᠷᠪᠤᠯᠵᠢᠯᠠᠭᠴᠢ ᠮᠢᠶᠣᠣ ᠴᠢᠩ︶ | ᠢᠷᠡᠯᠲᠡ᠄ ᠬᠦᠬᠡᠬᠤᠲᠠ ᠶᠢᠨ ᠬᠠᠮ ᠵᠠᠭᠤᠴᠢᠯᠠᠭᠤᠷ ᠤᠨ ᠠᠯᠪᠠᠨ ᠰᠦᠯᠵᠢᠶ᠎ᠡ |