| | | ︵ᠰᠤᠷᠪᠤᠯᠵᠢᠯᠠᠭᠴᠢ ᠠᠷᠢᠭᠤᠨ᠎ᠠ︶ ᠣᠯᠠᠨ ᠲᠦᠮᠡᠨ ᠤ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠤᠲᠠ ᠶᠢᠨ ︽ᠠᠮᠢᠳᠤᠷᠠᠯ ᠤᠨ ᠠᠭᠤᠷ ᠠᠮᠢᠰᠬᠤᠯ︾ ᠢ | ᠳᠠᠬᠢᠨ ᠪᠣᠢ ᠪᠣᠯᠭᠠᠬᠤ ᠳᠤ ᠬᠦᠴᠦ ᠨᠡᠮᠡᠷᠢᠯᠡᠵᠦ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠥᠳᠡᠯᠭᠡᠬᠦ ᠬᠦᠴᠦᠨ ᠢ ᠬᠦᠭᠵᠢᠭᠡᠬᠦ ᠶᠢᠨ ᠲᠦᠯᠦᠭᠡ᠂ ᠢᠦᠢ | ᠴᠢᠤᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ | ᠡᠷᠭᠢᠯᠡᠵᠦ᠂ ᠢᠦᠢ ᠴᠢᠤᠸᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ | ᠦᠢᠯᠡᠴᠢᠯᠡᠭᠡᠨ ᠤ ᠲᠥᠪ ᠵᠢᠴᠢ ᠥᠪᠥᠷ ᠮᠣᠩᠭᠤᠯ ᠤᠨ ᠲᠢᠶᠠᠨ ᠷᠦᠢ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠭᠠᠭᠠᠴᠢᠯᠠᠨ ᠡᠷᠭᠢᠯᠡᠭᠰᠡᠨ | ᠳᠥᠷᠪᠡᠳᠦᠭᠡᠷ ᠬᠤᠭᠤᠴᠠᠭᠠᠨ ᠤ ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ 5 ᠳ᠋ᠤᠭᠠᠷ ᠰᠠᠷ᠎ᠠ ᠶᠢᠨ 20 ᠤ ᠡᠳᠦᠷ ᠶᠡᠭᠡ ᠵᠣᠣ | ᠠᠭᠤᠳᠠᠮ ᠲᠠᠯᠠᠪᠠᠶ ᠳᠤ ᠡᠬᠢᠯᠡᠪᠡ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠨᠢ ︽ᠪᠢ ᠬᠦᠬᠡᠬᠤᠲᠠ ᠳᠤ | ᠬᠠᠶᠢᠷᠠᠲᠠᠢ︾ ᠭᠡᠬᠦ ᠭᠤᠣᠯ ᠰᠡᠳᠦᠪ ᠢᠶᠠᠷ 5 ᠳ᠋ᠤᠭᠠᠷ ᠰᠠᠷ᠎ᠠ ᠶᠢᠨ 20 ᠤ ᠡᠳᠦᠷ ᠠᠴᠠ 10 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ ᠠᠯᠢ ᠣᠯᠠᠨ ᠭᠤᠣᠯᠳᠠᠯᠭ᠎ᠠ ᠲᠠᠢ ᠰᠣᠶᠣᠯ | ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ︽1 ᠭᠤᠣᠯ ᠲᠠᠯᠠᠪᠤᠷ + 3 ᠬᠤᠪᠢᠶᠠᠷᠢ ᠲᠠᠯᠠᠪᠤᠷ︾ ᠤᠨ ᠰᠢᠨ᠎ᠡ ᠵᠠᠭᠪᠤᠷ ᠢ ᠠᠩᠬ᠎ᠠ ᠤᠳᠠᠭ᠎ᠠ ᠪᠣᠶ ᠪᠣᠯᠭᠠᠵᠤ᠂ ᠡᠵᠡᠩᠨᠡᠯᠲᠡ ᠶᠢᠨ | ᠬᠡᠯᠪᠡᠷᠢ ᠶᠢᠨ ᠭᠤᠣᠯ ᠬᠦᠴᠦᠨ ᠢ ᠨᠠᠷᠢᠨ ᠬᠤᠪᠢᠶᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠬᠦ ᠪᠣᠯᠤᠨ᠎ᠠ᠃ | ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ ᠨᠢ ᠪᠣᠭᠤᠮᠲᠠ ᠶᠢᠨ ᠬᠠᠭᠤᠴᠢᠨ ᠵᠡᠭᠡᠯᠢ ᠶᠢᠨ ᠲᠣᠭᠤᠷᠢᠭ ᠲᠤ ᠭᠤᠣᠯ ᠲᠠᠯᠠᠪᠤᠷ ᠭᠠᠷᠭᠠᠵᠤ᠂ ᠤᠯᠠᠮᠵᠢᠯᠠᠯᠲᠤ ᠰᠣᠶᠣᠯ | ᠪᠣᠯᠣᠨ ᠤᠷᠤᠰᠬᠠᠯ ᠰᠣᠶᠣᠯ ᠤᠨ ᠠᠭᠤᠯᠵᠠᠯ ᠪᠠ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ Live ᠳᠠᠭᠤᠤ ᠬᠥᠭᠵᠢᠮ ᠤᠨ ᠵᠡᠭᠡᠯᠢ ᠲᠣᠭᠤᠷᠢᠭ᠂ ᠣᠨᠴᠠᠯᠢᠭᠲᠤ | ᠠᠮᠲᠠᠲᠤ ᠢᠳᠡᠭᠡᠨ ᠤ ᠵᠡᠭᠡᠯᠢ ᠲᠣᠭᠤᠷᠢᠭ᠂ ᠳᠤᠮᠳᠠᠳᠤ ᠡᠯᠧᠮᠧᠨ᠋ᠲ ᠪᠦᠬᠦᠢ ᠬᠤᠪᠴᠠᠰᠤ ᠵᠠᠰᠠᠯ ᠤᠨ ᠬᠠᠯᠠᠮᠰᠢᠯ ᠵᠡᠭᠡᠯᠢ ᠲᠣᠭᠤᠷᠢᠭ ᠵᠢᠴᠢ ᠠᠬᠤᠢ ᠳᠤ ᠠᠭᠤᠰᠤᠨ ᠣᠷᠤᠭᠰᠠᠨ | ᠮᠠᠶ᠋ᠢᠭ ᠤᠨ ᠭᠤᠣᠯ ᠰᠡᠳᠦᠪᠲᠦ ᠲᠣᠭᠯᠠᠯᠲᠠ ᠶᠢᠨ ᠵᠡᠭᠡᠯᠢ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠳᠠᠭᠤᠤ ᠬᠥᠭᠵᠢᠮ ᠢᠶᠠᠷ ᠠᠴᠢᠶᠠᠯᠠᠪᠤᠷᠢ ᠪᠣᠯᠭᠠᠨ᠂ ᠠᠮᠲᠠᠲᠤ ᠢᠳᠡᠭᠡᠨ ᠢᠶᠠᠷ | ᠬᠤᠯᠪᠣᠭᠠᠰᠤ ᠪᠣᠯᠭᠠᠵᠤ᠂ ᠤᠯᠠᠮᠵᠢᠯᠠᠯᠲᠤ ᠰᠣᠶᠣᠯ ᠪᠠ ᠣᠲᠣ ᠦᠶ᠎ᠡ ᠶᠢᠨ ᠤᠷᠠᠯᠢᠭ ᠤᠨ ᠵᠠᠢ ᠶᠢ ᠣᠶᠢᠷᠠᠲᠤᠭᠤᠯᠵᠤ᠂ ᠬᠤᠲᠠ ᠶᠢᠨ ᠠᠷᠠᠳ ᠵᠢᠭᠤᠯᠴᠢᠯᠠᠭᠰᠠᠳ ᠤᠨ ᠰᠣᠨᠢᠷᠬᠠᠯᠲᠤ | ᠲᠥᠷᠥᠭᠳᠡᠯ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠤᠨ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠣᠷᠣᠨ ᠤ ᠲᠥᠪ ᠬᠤᠲᠠ ᠶᠢᠨ ᠣᠷᠣᠰᠬᠠᠯ | ᠴᠣᠪᠤᠭᠤᠯᠢᠭ ᠠᠮᠢᠳᠤᠷᠠᠯ ᠢ ᠭᠡᠷᠡᠯᠳᠦᠭᠦᠯᠵᠦ ᠪᠠᠶᠢᠨ᠎ᠠ᠃ | ᠡᠭᠦᠨ ᠤ ᠵᠡᠷᠭᠡᠪᠡᠷ᠂ ᠳ᠋ᠠ ᠱᠧᠩ ᠺᠦᠢ ᠮᠦᠽᠧᠢ ᠶᠢᠨ ᠪᠦᠯᠦᠭᠯᠡᠯ᠂ ᠶᠡᠭᠡ ᠲᠦᠷᠭᠡᠨ ᠭᠤᠣᠯ ᠤᠨ ᠬᠡᠭᠡᠷ᠎ᠡ ᠶᠢᠨ ᠪᠠᠭᠤᠴᠠ ︵ᠤᠢ ᠶᠢᠨ ᠳᠣᠲᠤᠷᠠᠬᠢ ᠣᠷᠣᠨ ᠵᠠᠢ︶᠂ ᠳ᠋ᠠ | ᠭᠤᠸᠠᠨ ᠶᠤᠸᠠᠨ ᠵᠦᠴᠦᠭᠡ ᠶᠢᠨ ᠲᠢᠶᠠᠲᠷ ᠲᠤ ᠭᠤᠷᠪᠠᠨ ᠬᠤᠪᠢᠶᠠᠷᠢ ᠲᠠᠯᠠᠪᠠᠢ ᠭᠠᠷᠭᠠᠵᠤ᠂ ᠣᠯᠠᠨ ᠶᠠᠩᠵᠤ ᠶᠢᠨ ᠠᠭᠤᠯᠭ᠎ᠠ ᠲᠠᠢ᠂ ᠤᠯᠠᠨ ᠨᠠᠭᠠᠳᠬᠤ ᠬᠡᠯᠪᠡᠷᠢ ᠲᠠᠢ᠂ ᠦᠵᠡᠮᠵᠢ | ᠨᠢ ᠬᠦᠨᠵᠡᠭᠡᠢ ᠠᠭᠤᠰᠤᠯᠴᠠᠭᠰᠠᠨ ᠵᠤᠨ ᠤ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠴᠤᠭᠴᠠᠯᠠᠭᠰᠠᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠳ᠋ᠠ | ᠭᠤᠸᠠᠨ ᠶᠤᠸᠠᠨ ᠵᠦᠴᠦᠭᠡ ᠶᠢᠨ ᠲᠢᠶᠠᠲᠷ ᠨᠢ ᠪᠠᠰᠠ ᠺᠠᠢ ᠰᠢᠨ ᠮᠠ ᠬᠤᠸᠠ ᠶᠢᠨ ᠲᠣᠭᠯᠠᠯᠲᠠ ᠶᠢᠨ ᠪᠦᠯᠬᠦᠮ ᠢ ᠣᠷᠣᠭᠤᠯᠤᠨ ᠠᠪᠴᠢᠷᠠᠵᠤ᠂ ᠠᠯᠢ ᠤᠯᠠᠨ ᠰᠢᠯᠢᠳᠡᠭ | ᠵᠦᠴᠦᠭᠡ ᠶᠢᠨ ᠪᠦᠲᠦᠭᠡᠯ ᠢ ᠲᠣᠭᠯᠠᠵᠤ᠂ ᠣᠷᠣᠨ ᠤ ᠲᠥᠪ ᠤᠨ ᠬᠤᠱᠤᠩ ᠵᠦᠴᠦᠭᠡ ᠶᠢᠨ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠠᠶᠢᠭᠤᠯᠬᠤ ᠪᠣᠯᠣᠨ᠎ᠠ᠃ | | |