2023 ᠣᠨ ᠤ ᠬᠥᠬᠡᠬᠤᠲᠠ ᠶᠢᠨ ᠬᠠᠭᠠᠰ ᠵᠠᠮ ᠤᠨ ᠮᠠᠷᠠᠽᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/5/22
res04_attpic_brief (1).jpg
res07_attpic_brief (1).jpg
      ︵ᠰᠤᠷᠪᠤᠯᠵᠢᠯᠠᠭᠴᠢ ᠮᠢᠶᠣᠣ ᠰᠢᠨ ᠳᠠᠳᠤᠯᠭ᠎ᠠ ᠶᠢᠨ ᠰᠤᠷᠪᠤᠯᠵᠢᠯᠠᠭᠴᠢ ᠾᠧ ᠬᠤᠤ ᠯᠦᠩ︶ 5 ᠳ᠋ᠤᠭᠠᠷ ᠰᠠᠷ᠎ᠠ ᠶᠢᠨ 21 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ ᠬᠥᠬᠡᠬᠤᠲᠠ ᠶᠢᠨ ᠬᠠᠭᠠᠰ ᠵᠠᠮ ᠤᠨ ᠮᠠᠷᠠᠽᠤᠨ ᠬᠥᠬᠡᠬᠤᠲᠠ ᠶᠢᠨ ︽ᠰᠣᠶᠣᠯ ᠤᠨ ᠲᠡᠩᠭᠡᠯᠢᠭ ᠪᠦᠰᠡ︾ ᠲᠣᠷᠭᠠᠨ ᠵᠠᠮ ᠤᠨ ᠴᠡᠴᠡᠷᠯᠢᠭ ᠲᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠢ ᠹᠧᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠤᠷᠤᠯᠳᠤᠭᠠᠨ ᠨᠢ ᠬᠠᠭᠠᠰ ᠵᠠᠮ ᠤᠨ ᠮᠠᠷᠠᠽᠤᠨ ᠤᠷᠤᠯᠳᠤᠭᠠᠨ ᠪᠠ ᠡᠷᠡᠭᠦᠯ ᠮᠡᠨᠳᠦ ᠶᠢᠨ ᠭᠦᠶᠦᠯᠲᠡ ᠭᠡᠬᠦ ᠬᠤᠶᠠᠷ ᠬᠡᠰᠡᠭ ᠠᠴᠠ ᠪᠦᠷᠢᠯᠳᠦᠵᠦ᠂ ᠪᠥᠬᠦ ᠣᠷᠣᠨ ᠤ ᠡᠯ᠎ᠡ ᠭᠠᠵᠠᠷ ᠤᠨ 5000 ᠭᠠᠷᠤᠢ  ᠭᠦᠶᠦᠯᠲᠡ ᠶᠢᠨ ᠲᠠᠮᠢᠷᠴᠢᠨ ᠤ ᠠᠩᠬᠠᠷᠤᠯ ᠢ ᠲᠠᠲᠠᠵᠠᠢ᠃ᠲᠤᠬᠠᠢ ᠶᠢᠨ ᠲᠠᠯᠠᠪᠠᠢ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠠᠮᠢᠷᠴᠢᠳ ᠲᠣᠷᠭᠠᠨ ᠵᠠᠮ ᠤᠨ ᠴᠡᠴᠡᠷᠯᠢᠭ᠂ ᠨᠢᠯᠬ᠎ᠠ ᠨᠣᠭᠤᠭ᠎ᠠ ᠴᠡᠴᠡᠷᠯᠢᠭ᠂ ᠶᠡᠭᠡ ᠲᠦᠷᠭᠡᠨ ᠭᠤᠣᠯ ᠤᠨ ᠬᠤᠳᠠ ᠶᠢ ᠲᠣᠭᠤᠷᠢᠭᠰᠠᠨ ᠤᠰᠤᠨ ᠤ ᠪᠦᠰᠡ᠂ ᠬᠤᠳᠠ ᠶᠢᠨ ᠲᠡᠭᠦᠷᠭᠡ ᠶᠢᠨ ᠴᠡᠴᠡᠭ ᠤᠨ ᠳᠠᠯᠠᠢ ᠵᠡᠷᠭᠡ ᠭᠠᠵᠠᠷ ᠢᠶᠠᠷ ᠦᠩᠭᠡᠷᠡᠵᠡᠢ᠃     ᠤᠷᠤᠯᠳᠤᠭᠠᠨ ᠳᠤ᠂ ᠯᠢ ᠵᠢᠶᠠ ᠴᠢᠶᠠᠩ 1 ᠴᠠᠭ 09 ᠮᠢᠨᠦ᠋ᠲ 51 ᠰᠧᠺᠦ᠋ᠨ᠋ᠳ᠋ ᠤᠨ ᠪᠦᠲᠦᠮᠵᠢ ᠪᠠᠷ ᠡᠷᠡᠭᠲᠡᠢ ᠶᠢᠨ ᠳᠤᠭᠤᠶᠢᠯᠠᠩ ᠳᠤ ᠲᠦᠷᠦᠭᠦᠯᠡᠵᠦ᠂ ᠯᠢ ᠺᠧ 1 ᠴᠠᠭ 17 ᠮᠢᠨᠦ᠋ᠲ 50 ᠰᠧᠺᠦ᠋ᠨ᠋ᠳ᠋ ᠤᠨ ᠪᠦᠲᠦᠮᠵᠢ ᠪᠠᠷ ᠡᠮᠡᠭᠲᠡᠢ ᠶᠢᠨ ᠳᠤᠭᠤᠶᠢᠯᠠᠩ ᠳᠤ ᠲᠦᠷᠦᠭᠦᠯᠡᠵᠡᠢ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ