ᠬᠤᠷᠢᠨᠭᠡᠷ ᠰᠢᠨ᠎ᠡ ᠲᠣᠭᠤᠷᠢᠭ 1005 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2023/5/22
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠬᠤᠷᠢᠨᠭᠡᠷ ᠰᠢᠨ᠎ᠡ ᠲᠣᠭᠤᠷᠢᠭ ᠤᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠲᠣᠭᠲᠠᠭᠠᠪᠠ᠃      ᠬᠤᠷᠢᠨᠭᠡᠷ ᠰᠢᠨ᠎ᠡ ᠲᠣᠭᠤᠷᠢᠭ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠰᠢᠨ᠎ᠡ ᠲᠣᠭᠤᠷᠢᠭ ᠤᠨ ᠶᠦᠨ ᠭᠦ᠋ ᠶᠢᠨ ᠬᠡᠰᠡᠭ ᠤᠨ ᠣᠷᠣᠨ ᠪᠣᠯᠣᠨ ᠰᠢᠨ᠎ᠡ ᠵᠠᠮ ᠠᠴᠠ ᠪᠠᠷᠠᠭᠤᠨᠰᠢ᠂ ᠶᠦᠨ ᠭᠠᠩ ᠶᠡᠭᠡ ᠵᠠᠮ ᠠᠴᠠ ᠡᠮᠦᠨᠡᠰᠢ ᠪᠠᠶᠢᠵᠤ᠂ ᠵᠡᠭᠦᠨ ᠲᠠᠯ᠎ᠠ ᠪᠠᠷ ᠢᠶᠠᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠬᠥᠷᠰᠢᠯᠡᠵᠦ ᠪᠤᠢ᠃ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 79406 ᠲᠡᠭᠰᠢ ᠳᠥᠷᠪᠡᠯᠵᠢᠨ ᠮᠧᠲᠷ ᠪᠠᠶᠢᠵᠤ᠂ 1005 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠤᠨ᠎ᠠ ᠃ ᠨᠢᠭᠡᠳᠦᠭᠡᠷ ᠬᠤᠭᠤᠴᠠᠭᠠᠨ ᠤ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 50065 ᠲᠡᠭᠰᠢ ᠳᠥᠷᠪᠡᠯᠵᠢᠨ ᠮᠧᠲᠷ ᠬᠦᠷᠴᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠨᠡᠶᠢᠲᠡ 605 ᠢᠵᠢ ᠪᠠᠶᠢᠭᠤᠯᠵᠤ᠂ ᠡᠭᠦᠨ ᠳᠤ ᠪᠠᠶᠢᠷᠢ ᠬᠡᠯᠪᠡᠷᠢ ᠶᠢᠨ ᠲᠦᠷᠢᠶᠡᠰᠦᠨ ᠣᠷᠣᠨ ᠰᠠᠭᠤᠴᠠ 187 ᠢᠵᠢ᠂ ᠣᠷᠣᠨ ᠰᠠᠭᠤᠴᠠ ᠶᠢᠨ ᠬᠡᠯᠪᠡᠷᠢ ᠶᠢᠨ ᠲᠦᠷᠢᠶᠡᠰᠦᠨ ᠣᠷᠣᠨ ᠰᠠᠭᠤᠴᠠ 418 ᠢᠵᠢ ᠪᠠᠶᠢᠵᠤ᠂ ᠣᠷᠣᠨ ᠰᠠᠭᠤᠴᠠ ᠶᠢᠨ ᠬᠡᠯᠪᠡᠷᠢ ᠶᠢᠨ ᠲᠦᠷᠢᠶᠡᠰᠦᠨ ᠣᠷᠣᠨ ᠰᠠᠭᠤᠴᠠ ᠨᠢ 330 ᠢᠵᠢ 70 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠪᠠ 88 ᠢᠵᠢ 90 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠪᠠᠷ ᠪᠦᠷᠢᠯᠳᠦᠵᠡᠢ᠃ ᠬᠤᠶᠠᠳᠤᠭᠠᠷ ᠬᠤᠭᠤᠴᠠᠭᠠᠨ ᠤ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 29341 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠨᠡᠶᠢᠲᠡ 400 ᠢᠵᠢ ᠪᠠᠶᠢᠭᠤᠯᠵᠤ᠂ ᠡᠭᠦᠨ ᠳᠤ ᠪᠠᠶᠢᠷᠢ ᠬᠡᠯᠪᠡᠷᠢ ᠶᠢᠨ ᠲᠦᠷᠢᠶᠡᠰᠦᠨ ᠣᠷᠣᠨ ᠰᠠᠭᠤᠴᠠ 160 ᠢᠵᠢ᠂ ᠣᠷᠣᠨ ᠰᠠᠭᠤᠴᠠ ᠶᠢᠨ ᠬᠡᠯᠪᠡᠷᠢ ᠶᠢᠨ ᠲᠦᠷᠢᠶᠡᠰᠦᠨ ᠣᠷᠣᠨ ᠰᠠᠭᠤᠴᠠ 240 ᠢᠵᠢ ᠪᠠᠶᠢᠵᠤ᠂ ᠣᠷᠣᠨ ᠰᠠᠭᠤᠴᠠ ᠶᠢᠨ ᠬᠡᠯᠪᠡᠷᠢ ᠶᠢᠨ ᠲᠦᠷᠢᠶᠡᠰᠦᠨ ᠣᠷᠣᠨ ᠰᠠᠭᠤᠴᠠ ᠨᠢ ᠴᠥᠮ 70 ᠲᠡᠭᠰᠢ ᠳᠥᠷᠪᠡᠯᠵᠢᠨ ᠮᠧᠲᠷ  ᠲᠠᠯᠠᠪᠠᠢ ᠲᠠᠢ᠃ ᠡᠭᠦᠨ ᠤ ᠬᠠᠮᠲᠤ᠂ ᠲᠣᠰ ᠲᠥᠷᠥᠯ ᠵᠦᠢᠯ ᠳᠤ ᠵᠣᠬᠢᠬᠤ ᠬᠡᠮᠵᠢᠶᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠲᠣᠬᠢᠷᠠᠭᠤᠯᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠢᠳᠡᠭᠡᠨ ᠤᠮᠳᠠᠭᠠᠨ᠂ ᠰᠡᠯᠡᠭᠦᠴᠡᠯ᠂ ᠵᠤᠭ᠎ᠠ ᠴᠡᠩᠭᠡᠯ ᠵᠡᠷᠭᠡ ᠠᠵᠢᠯᠯᠠᠭᠠᠨ ᠤ ᠬᠡᠷᠡᠭᠴᠡᠭᠡ ᠶᠢ  ᠬᠠᠩᠭᠠᠬᠤ ᠪᠣᠯᠤᠨ᠎ᠠ᠃      ᠲᠣᠰ ᠲᠥᠷᠥᠯ ᠵᠦᠢᠯ ᠨᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠵᠤ᠂ ᠵᠠᠯᠠᠭᠤᠴᠤᠳ ᠲᠤ ᠲᠦᠷᠢᠶᠡᠰᠦᠯᠡᠭᠦᠯᠬᠦ ᠪᠠᠷ ᠭᠤᠣᠯᠯᠠᠭᠤᠯᠤᠨ᠂ ᠲᠥᠰᠥᠯ ᠢ ᠵᠢᠷᠤᠵᠤ ᠲᠥᠯᠥᠪᠯᠡᠬᠦ ᠳᠡᠭᠡᠨ ᠰᠠᠯᠭᠠᠭᠰᠠᠨ ᠮᠥᠷᠲᠡᠭᠡᠨ ᠨᠡᠶᠢᠯᠡᠭᠦᠯᠵᠦ᠂ ᠠᠳᠠᠯᠢ ᠨᠢᠭᠡᠨ ᠭᠠᠵᠠᠷ ᠲᠤ ᠠᠳᠠᠯᠢ ᠪᠤᠰᠤ ᠨᠡᠶᠢᠭᠡᠮ ᠤᠨ  ᠬᠦᠮᠦᠰ ᠤᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠵᠦ᠂ ᠠᠳᠠᠯᠢ ᠪᠤᠰᠤ ᠬᠡᠷᠡᠭᠯᠡᠭᠴᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠲᠥᠯᠥᠪᠵᠢᠭᠦᠯᠦᠭᠰᠡᠨ ᠠᠮᠢᠵᠢᠷᠠᠯ ᠤᠨ ᠬᠦᠴᠦᠨ  ᠪᠦᠬᠦᠢ ᠵᠡᠭᠡᠯᠢ ᠲᠣᠭᠤᠷᠢᠭ ᠲᠤ ᠢᠵᠢ ᠪᠦᠷᠢᠳᠦᠭᠰᠡᠨ ᠬᠤᠳᠠᠯᠳᠤᠭ᠎ᠠ ᠪᠠᠶᠢᠭᠤᠯᠵᠤ᠂ ᠰᠠᠭᠤᠭᠠᠯᠢ ᠲᠣᠭᠤᠷᠢᠭ ᠤᠨ ᠬᠥᠮᠥᠰ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ᠣᠷᠣᠨ ᠰᠠᠭᠤᠴᠠ ᠶᠢᠨ ᠲᠣᠭᠤᠷᠢᠭ ᠤᠨ ᠣᠶᠢᠷ᠎ᠠ ᠬᠠᠪᠢ ᠳᠤ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠪᠠᠶᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠬᠡᠦᠬᠡᠳ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠨ᠎ᠠ᠃  ᠳᠥᠷᠰᠤ  ᠮᠠᠶ᠋ᠢᠭ ᠤᠨ ᠵᠢᠷᠤᠭ ᠲᠥᠯᠥᠪᠯᠡᠭᠡ ᠶᠢᠨ ᠲᠠᠯ᠎ᠠ ᠪᠠᠷ᠂ ᠣᠲᠣ ᠦᠶ᠎ᠡ ᠶᠢᠨ ᠬᠡᠪ ᠨᠠᠮᠪᠠ ᠶᠢ ᠰᠣᠩᠭᠤᠨ ᠳᠦᠷᠰᠦ ᠪᠦᠲᠦᠭᠡᠵᠦ᠂ ᠪᠠᠷᠢᠯᠭ᠎ᠠ ᠶᠢᠨ ᠥᠩᠭᠡ ᠪᠤᠳᠤᠭ ᠲᠤ ᠪᠠᠰᠠ ᠭᠦᠶᠦᠬᠡᠨ ᠥᠩᠭᠡ ᠶᠢ ᠬᠡᠷᠡᠭᠯᠡᠨ᠂  ᠬᠦᠭᠵᠢᠯᠲᠦ ᠴᠤᠭᠯᠢᠭ ᠤᠯᠠᠭᠠᠨ ᠲᠣᠭᠤᠰᠬ᠎ᠠ ᠶᠢᠨ ᠥᠩᠭᠡ  ᠲᠠᠢ ᠵᠣᠬᠢᠴᠠᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠮᠢᠵᠢᠷᠠᠯ ᠤᠨ ᠬᠦᠴᠦᠨ ᠪᠠ ᠣᠨᠴᠠᠯᠢᠭ ᠢ ᠢᠯᠡᠷᠡᠭᠦᠯᠬᠦ ᠶᠢᠨ ᠬᠠᠮᠲᠤ ᠵᠣᠬᠢᠬᠤ ᠤᠷᠠᠯᠢᠭ ᠤᠨ ᠠᠭᠤᠷ ᠠᠮᠢᠰᠬᠤᠯ ᠢ ᠳᠡᠯᠭᠡᠨ ᠦᠵᠡᠭᠦᠯᠵᠦ᠂ ᠡᠷᠬᠢᠨ ᠲᠣᠭᠤᠷᠢᠨ ᠤ ᠪᠠᠷᠢᠯᠭ᠎ᠠ ᠯᠤᠭ᠎ᠠ ᠢᠯᠡ ᠲᠣᠳᠣ ᠬᠠᠷᠢᠴᠠᠭᠤᠯᠤᠯ ᠪᠣᠯᠭᠠᠵᠤ᠂ ᠬᠤᠲᠠ ᠶᠢᠨ ᠥᠩᠭᠡ ᠦᠵᠡᠮᠵᠢ ᠶᠢᠨ ᠪᠠᠶᠠᠯᠢᠭ ᠴᠢᠨᠠᠷ ᠢ ᠪᠣᠶ ᠪᠣᠯᠭᠠᠵᠤ᠂ ᠣᠯᠠᠨ ᠶᠠᠩᠵᠤ ᠶᠢᠨ ᠬᠤᠲᠠ ᠶᠢᠨ ᠣᠷᠣᠨ ᠵᠠᠢ ᠶᠢ ᠪᠦᠷᠢᠯᠳᠦᠭᠦᠯᠦᠨ᠎ᠡ᠃ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠰᠢᠨ᠎ᠡ ᠲᠣᠭᠤᠷᠢᠭ ᠤᠨ ᠬᠤᠳᠠ ᠶᠢᠨ ᠠᠷᠠᠳ ᠤᠨ ᠱᠠᠲᠤ ᠦᠶ᠎ᠡ ᠶᠢᠨ ᠴᠢᠨᠠᠷᠲᠠᠢ ᠣᠷᠣᠨ ᠰᠠᠭᠤᠴᠠ ᠶᠢᠨ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠵᠦ᠂ ᠰᠢᠨ᠎ᠡ ᠲᠣᠭᠤᠷᠢᠭ ᠤᠨ ᠡᠯ᠎ᠡ ᠠᠵᠢᠯ ᠲᠦᠷᠦᠯ ᠤᠨ ᠴᠢᠳᠠᠪᠤᠷᠢᠲᠠᠨ ᠴᠤᠭᠯᠠᠷᠠᠬᠤ᠂ ᠲᠤᠭᠲᠠᠨᠢᠨ ᠰᠠᠭᠤᠷᠢᠰᠢᠬᠤ ᠳᠤ ᠴᠢᠬᠤᠯᠠ ᠪᠦᠬᠦᠢ ᠪᠠᠲᠤᠯᠠᠭ᠎ᠠ ᠬᠠᠩᠭᠠᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ