1- 4 ᠳ᠋ᠤᠭᠡᠷ ᠰᠠᠷ᠎ᠠ ᠳᠤ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 361.8 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2023/5/22
      ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠮᠠᠨ ᠤ ᠬᠤᠲᠠ ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠳᠡᠭᠡᠳᠦ ᠬᠤᠷᠳᠤᠴᠠ ᠪᠠᠷ ᠨᠡᠮᠡᠭᠳᠡᠬᠦ ᠶᠢ ᠲᠦᠯᠬᠢᠨ ᠠᠬᠢᠭᠤᠯᠪᠠ᠂ 1-4 ᠳ᠋ᠤᠭᠡᠷ ᠰᠠᠷ᠎ᠠ ᠳᠤ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠢᠳᠡᠭ ᠢᠳᠡᠭ ᠢᠶᠠᠷ ᠬᠦᠭᠵᠢᠶᠡᠨᠲᠡᠢ ᠪᠣᠯᠵᠤ᠂ ᠬᠡᠷᠡᠭᠯᠡᠭᠡ ᠶᠢᠨ ᠡᠵᠡᠩᠨᠡᠯᠲᠡ ᠶᠢᠨ ᠪᠠᠶᠢᠳᠠᠯ ᠳᠡᠭᠡᠳᠦ ᠬᠤᠷᠳᠤᠴᠠ ᠪᠠᠷ ᠰᠠᠶᠢᠵᠢᠷᠠᠪᠠ᠃ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 361.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠨ᠂ ᠪᠥᠬᠦ ᠣᠷᠣᠨ ᠤ ᠬᠢ ᠠᠴᠠ 5 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠬᠢ ᠠᠴᠠ 6.2 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠪᠠᠷ ᠦᠷᠭᠦᠯᠵᠢᠯᠡᠨ ᠪᠥᠬᠦ ᠣᠷᠣᠨ ᠳᠤ ᠲᠦᠷᠦᠭᠦᠯᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 132.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.1% ᠨᠡᠮᠡᠭᠳᠡᠵᠡᠢ᠃      ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠬᠤᠳᠠᠯᠳᠤᠭ᠎ᠠ ᠦᠷᠭᠦᠯᠵᠢᠯᠡᠨ ᠳᠡᠭᠡᠳᠦ ᠬᠤᠷᠳᠤᠴᠠ ᠪᠠᠷ  ᠨᠡᠮᠡᠭᠳᠡᠪᠡ᠃ ᠡᠯᠧᠺᠲᠷᠣᠨ ᠬᠤᠳᠠᠯᠳᠤᠭ᠎ᠠ᠂ ᠲᠣᠮᠣ ᠳ᠋ᠠᠶᠢᠲ᠋ᠠ ᠶᠢᠨ ᠨᠢᠰᠬᠦ ᠮᠡᠲᠦ ᠲᠦᠷᠭᠡᠨ ᠬᠥᠭᠵᠢᠬᠦ ᠶᠢ ᠳᠠᠭᠠᠯᠳᠤᠨ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ︽ᠢᠨᠲ᠋ᠧᠷ ᠰᠦᠯᠵᠢᠶ᠎ᠡ + ᠭᠦᠢᠯᠭᠡᠭᠡ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠲᠦᠷᠭᠡᠨ ᠬᠥᠭᠵᠢᠵᠦ᠂ ᠰᠠᠭᠤᠭᠠᠯᠢ ᠠᠷᠠᠳ ᠤᠨ ᠬᠡᠷᠡᠭᠯᠡᠭᠡ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠬᠦᠴᠦᠲᠡᠢ ᠲᠤᠯᠭᠠᠭᠤᠷᠢᠯᠠᠵᠤ᠂ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠤᠨ ᠰᠢᠨ᠎ᠡ ᠨᠡᠮᠡᠭᠳᠡᠯ ᠤᠨ ᠴᠡᠭ ᠢ ᠠᠪᠴᠢᠷᠠᠭᠰᠠᠨ ᠪᠠᠶᠢᠨ᠎ᠠ᠃1- 4 ᠳ᠋ᠤᠭᠡᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠣᠷᠤᠯᠠᠭᠤᠯᠤᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 77.8% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ ᠬᠤᠯᠠ ᠳᠠᠪᠠᠵᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢ 7.3 ᠵᠠᠭᠤᠨ ᠤ ᠨᠢᠭᠡᠴᠢ ᠳᠡᠭᠡᠭᠰᠢ ᠲᠠᠲᠠᠵᠠᠢ᠃      ᠢᠳᠡᠭᠡᠨ ᠤᠮᠳᠠᠭᠠᠨ ᠤ ᠦᠢᠯᠡᠰ ᠤᠨ ︽ᠬᠠᠯᠠᠭᠤᠨ ᠠᠭᠤᠷ ᠠᠮᠢᠰᠬᠤᠯ︾ ᠳᠠᠬᠢᠨ ᠳᠡᠭᠡᠭᠰᠢᠯᠡᠪᠡ᠃ ᠡᠨᠡ ᠵᠢᠯ ᠠᠴᠠ ᠨᠠᠰᠢ᠂ ᠮᠠᠨ ᠤ ᠬᠤᠲᠠ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠢᠳᠡᠭᠡᠨ ᠤᠮᠳᠠᠭᠠᠨ ᠤ ᠦᠢᠯᠡᠰ ᠤᠨ ᠬᠡᠷᠡᠭᠯᠡᠭᠴᠢ ᠶᠢᠨ ᠲᠤᠭ᠎ᠠ ᠶᠡᠬᠡᠪᠡᠷ ᠨᠡᠮᠡᠭᠳᠡᠵᠦ᠂ 1-4 ᠳ᠋ᠤᠭᠡᠷ ᠰᠠᠷ᠎ᠠ ᠳᠤ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 5.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.2% ᠢᠶᠠᠷ ᠨᠡᠮᠡᠭᠳᠡᠪᠡ᠃      ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠶᠡᠭᠡ᠂ ᠬᠥᠭᠵᠢᠯᠲᠡ ᠲᠦᠷᠭᠡᠨ ᠪᠠᠶᠢᠨ᠎ᠠ᠃ ᠬᠤᠲᠠ ᠬᠥᠳᠡᠭᠡ ᠶᠢᠨ ᠠᠭᠤᠰᠤᠯᠴᠠᠭᠰᠠᠨ ᠬᠡᠷᠡᠭᠯᠡᠭᠡᠨ ᠤ ᠲᠣᠣᠷ ᠰᠦᠯᠵᠢᠶ᠎ᠡ ᠶᠢᠨ ᠲᠡᠭᠦᠯᠳᠡᠷᠵᠢᠬᠦ ᠪᠠ ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠣᠷᠣᠬᠤ ᠪᠦᠷᠬᠦᠴᠡ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ᠂ ᠳᠣᠲᠣᠭᠠᠳᠤ ᠬᠡᠷᠡᠭᠴᠡᠭᠡ ᠶᠢ ᠪᠦᠲᠦᠮᠵᠢᠲᠡᠢ ᠥᠷᠭᠡᠳᠬᠡᠵᠦ᠂ ᠮᠠᠨ ᠤ ᠬᠤᠲᠠ ᠶᠢᠨ ᠠᠵᠤ ᠠᠬᠤᠢ ᠶᠢ ᠳᠠᠶᠢᠴᠢᠯᠠᠬᠤ ᠦᠢᠯᠡᠳᠦᠯ ᠡᠳᠦᠷ ᠢᠷᠡᠬᠦᠶ᠎ᠡ ᠴᠢᠩᠭᠠᠷᠠᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 159.7% ᠪᠠᠷ ᠨᠡᠮᠡᠭᠳᠡᠵᠦ᠂ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ  132.6  ᠵᠠᠭᠤᠨ ᠤ ᠨᠢᠭᠡᠴᠢ ᠥᠨᠳᠥᠷ ᠪᠣᠯᠵᠤ᠂ ᠮᠠᠨ ᠤ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠴᠢᠬᠤᠯᠠ ᠨᠡᠮᠡᠭᠳᠡᠯ ᠤᠨ ᠲᠤᠶᠢᠯ ᠪᠣᠯᠤᠭᠰᠠᠨ ᠪᠠᠶᠢᠨ᠎ᠠ᠃       ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠨᠢ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠪᠠ᠃ ᠰᠠᠭᠤᠭᠠᠯᠢ ᠠᠷᠠᠳ ᠤᠨ ᠶᠠᠪᠤᠵᠤ ᠰᠠᠭᠤᠬᠤ ᠤᠯᠠᠰᠢᠷᠠᠭᠰᠠᠨ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡᠯᠡᠯ ᠳᠣᠣᠷ᠎ᠠ᠂ 1-4 ᠳ᠋ᠤᠭᠡᠷ ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ᠂ ᠢᠳᠡᠭᠡᠨ ᠤ ᠵᠦᠢᠯ᠂ ᠮᠠᠰᠢᠨ ᠲᠡᠷᠭᠡᠨ ᠤ ᠵᠦᠢᠯ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 18.8 ᠳ᠋ᠦᠩᠰᠢᠭᠤᠷ ᠲᠥᠭᠦᠷᠢᠭ᠂ 46.7 ᠳ᠋ᠦᠩᠰᠢᠭᠤᠷ ᠲᠥᠭᠦᠷᠢᠭ ᠪᠠ 22.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.1%᠂ 32.7% ᠪᠠ 20% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 5.2᠂ 11.1 ᠪᠠ 3.7 ᠵᠠᠭᠤᠨ ᠤ ᠨᠢᠭᠡᠴᠢ ᠨᠡᠮᠡᠭᠳᠡᠪᠡ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ