ᠬᠤᠩᠬᠤᠲᠤ ᠲᠡᠷᠭᠡᠨ ᠳᠤ ᠰᠠᠭᠤᠵᠤ ᠬᠥᠬᠡᠬᠤᠲᠠ ᠪᠠᠷ ᠲᠣᠭᠤᠷᠢᠶ᠎ᠠ
ᠨᠡᠶᠢᠲᠡᠯᠡᠭᠰᠡᠨ ᠴᠠᠭ᠄
2023/5/22
      ︵ᠲᠠᠯ᠎ᠠ ᠨᠤᠲᠤᠭ ᠤᠨ ᠬᠠᠮ ᠵᠠᠭᠤᠴᠢᠯᠠᠭᠤᠷ · ·ᠤᠮᠠᠷᠠᠲᠤ ᠶᠢᠨ ᠰᠢᠨ᠎ᠡ ᠰᠣᠨᠢᠨ ᠤ ᠰᠤᠷᠪᠤᠯᠵᠢᠯᠠᠭᠴᠢ ᠬᠤᠸ ᠷᠦ ᠪᠢᠩ︶ 5 ᠳ᠋ᠤᠭᠠᠷ ᠰᠠᠷ᠎ᠠ ᠶᠢᠨ 19 ᠤ ᠡᠳᠦᠷ ᠪᠣᠯ 13 ᠳᠠᠬᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠣᠨ᠎ᠠ᠂ ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠬᠢᠭᠡᠳ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠦᠨᠵᠡᠭᠡᠢ ᠠᠭᠤᠰᠤᠯᠴᠠᠨ᠂ ᠰᠡᠳᠬᠢᠯ ᠤᠨ ᠬᠦᠴᠦ ᠣᠷᠤᠭᠤᠯᠤᠨ ᠡᠭᠦᠳᠦᠨ ᠪᠦᠲᠦᠭᠡᠭᠰᠡᠨ ᠬᠤᠩᠬᠤᠲᠤ ᠲᠡᠷᠭᠡᠨ ᠤ ᠲᠡᠦᠬᠡ ᠰᠣᠶᠣᠯ ᠤᠨ ᠭᠤᠣᠯ ᠰᠡᠳᠦᠪᠲᠦ ᠲᠡᠷᠭᠡ ᠵᠢᠩᠬᠢᠨᠢ ᠪᠠᠷ ᠠᠶᠠᠯᠠᠵᠤ ᠡᠬᠢᠯᠡᠯ᠎ᠡ᠃      ᠡᠷᠲᠡᠨ ᠤ ᠬᠢ ᠶᠢ ᠰᠡᠷᠭᠦᠭᠡᠬᠦ ᠬᠡᠪ ᠨᠠᠮᠪᠠ ᠪᠦᠬᠦᠢ ᠭᠠᠳᠠᠷ ᠳᠦᠷᠰᠦ ᠲᠠᠢ ᠠᠴᠠ ᠭᠠᠳᠠᠨ᠎ᠠ᠂ ᠭᠤᠣᠯ ᠰᠡᠳᠦᠪᠲᠦ ᠲᠡᠷᠭᠡᠨ ᠳᠤ ᠪᠠᠰᠠ ᠰᠢᠯᠦᠭ ᠨᠠᠶᠢᠷᠠᠭ ᠤᠷᠠᠨ ᠵᠢᠷᠤᠭ ᠤᠨ ᠰᠠᠨᠠᠭ᠎ᠠ ᠠᠬᠤᠶᠢᠲᠤ ᠰᠣᠶᠣᠯ ᠵᠢᠭᠤᠯᠴᠢᠯᠠᠯ ᠤᠨ ᠡᠯᠧᠮᠧᠨ᠋ᠲ ᠢᠶᠠᠷ ᠪᠢᠯᠬᠠᠵᠤ᠂ ᠠᠶᠠᠨᠴᠢᠳ ᠲᠤ ᠲᠠᠪᠤᠨ ᠰᠤᠪᠤᠷᠭᠠᠲᠤ ᠰᠦᠮ᠎ᠡ᠂ ᠵᠣᠣ ᠵᠢᠶᠦ᠋ᠨ ᠮᠦᠽᠧᠢ᠂ ᠹᠧᠩᠵᠸᠦ ᠡᠷᠲᠡᠨ ᠤ ᠬᠤᠲᠠ ᠶᠢᠨ ᠮᠦᠽᠧᠢ ᠵᠡᠷᠭᠡ ᠣᠷᠣᠨ ᠨᠤᠲᠤᠭ ᠤᠨ ᠵᠢᠭᠤᠯᠴᠢᠯᠠᠯ ᠤᠨ ᠦᠵᠡᠮᠵᠢᠲᠦ ᠣᠷᠣᠨ ᠢ ᠳᠡᠯᠭᠡᠨ ᠦᠵᠡᠭᠦᠯᠵᠦ ᠂ ᠠᠶᠠᠨᠴᠢᠳ ᠦᠵᠡᠰᠬᠦᠯᠡᠩᠲᠦ ᠰᠠᠶᠢᠬᠠᠨ ᠵᠡᠭᠡᠯᠢ ᠶᠢᠨ ᠦᠵᠡᠮᠵᠢ ᠶᠢ ᠰᠣᠨᠢᠷᠬᠠᠬᠤ ᠶᠢᠨ ᠬᠠᠮᠲᠤ ᠪᠠᠰᠠ ᠲᠡᠷᠭᠡᠨ ᠳᠣᠲᠣᠷᠠᠬᠢ ᠦᠵᠡᠮᠦᠷᠢ ᠶᠢᠨ ᠬᠠᠪᠲᠠᠰᠤ ᠠᠴᠠ ᠬᠥᠬᠡᠬᠤᠲᠠ ᠶᠢᠨ ᠠᠯᠳᠠᠷᠲᠤ ᠦᠵᠡᠮᠵᠢ ᠡᠷᠲᠡᠨ ᠤ ᠦᠯᠡᠳᠡᠭᠳᠡᠯ ᠢ ᠣᠶᠢᠯᠠᠭᠠᠵᠤ ᠪᠣᠯᠣᠨ᠎ᠠ᠃      ᠲᠡᠦᠬᠡ ᠰᠣᠶᠣᠯ ᠤᠨ ᠲᠤᠰᠬᠠᠢ ᠱᠤᠭᠤᠮ ︵ᠳᠠᠪᠠᠭᠠᠨ ᠠᠮᠠ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠥᠷᠲᠡᠭᠡ ︱ ᠵᠣᠣ ᠵᠢᠶᠦ᠋ᠨ ᠮᠦᠽᠧᠢ︶  ᠨᠢ ᠲᠦᠩ ᠳ᠋ᠣᠣ ᠬᠤᠶᠢᠲᠤ ᠵᠠᠮ᠂ ᠲᠦᠩ ᠳ᠋ᠣᠣ ᠡᠮᠦᠨ᠎ᠡ ᠵᠠᠮ᠂ ᠶᠡᠭᠡ ᠬᠤᠶᠢᠲᠤ ᠵᠡᠭᠡᠯᠢ᠂ ᠶᠡᠭᠡ ᠡᠮᠦᠨ᠎ᠡ ᠵᠡᠭᠡᠯᠢ᠂ ᠵᠣᠣ ᠵᠢᠶᠦ᠋ᠨ ᠵᠠᠮ ᠢᠶᠠᠷ ᠥᠩᠭᠡᠷᠡᠨ᠎ᠡ᠃         ᠵᠠᠮ ᠳᠠᠭᠠᠤ ᠦᠷᠲᠡᠭᠡ᠄ ᠳᠠᠪᠠᠭᠠᠨ ᠠᠮᠠ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠦᠷᠳᠡᠭᠡ᠂ ᠢ ᠱᠠᠨ ᠪᠸᠢ ᠠᠨ᠂ ᠳᠠᠪᠠᠭᠠᠨ ᠠᠮᠠ ᠲᠣᠰᠬᠤᠨ ᠤ ᠡᠮᠦᠨ᠎ᠡ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠂ ᠬᠤᠲᠤᠩ ᠠᠷᠠᠳ ᠤᠨ ᠲᠣᠭᠤᠷᠢᠭ ᠤᠨ ᠢ ᠵᠢᠶᠠᠨ ᠹᠠᠩ᠂ ᠵᠠᠳᠠᠭᠠᠢ ᠴᠡᠴᠡᠷᠯᠢᠭ᠂ ᠹᠦ᠋ ᠰᠢᠩ ᠶᠢᠩ᠂ ᠮᠣᠷᠢᠨ ᠤᠷᠤᠯᠳᠤᠭᠠᠨ ᠤ ᠲᠠᠯᠠᠪᠠᠶ ᠶᠢᠨ ᠬᠤᠶᠢᠲᠤ ᠵᠠᠮ ᠤᠨ ᠪᠠᠷᠠᠭᠤᠨ ᠡᠭᠦᠳᠡ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠭᠦᠩᠵᠦ ᠶᠢᠨ ᠣᠷᠳᠣᠨ᠂ ᠴᠠᠬᠢᠯᠭᠠᠨ ᠬᠠᠩᠭᠠᠬᠤ ᠲᠣᠪᠴᠢᠶ᠎ᠠ᠂ ᠾᠦᠢ ᠷᠧᠨ ᠡᠮᠨᠡᠯᠭᠡ ᠶᠢᠨ ᠬᠤᠷᠢᠶ᠎ᠠ᠂ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠬᠠᠭᠤᠴᠢᠨ ᠬᠤᠲᠠ ᠶᠢᠨ ᠬᠤᠶᠢᠲᠤ ᠡᠭᠦᠳᠡ᠂ ᠭᠡᠷᠡᠯ ᠬᠢᠯᠪᠠᠭ᠎ᠠ ᠵᠠᠬ᠎ᠠ ᠳᠡᠯᠭᠡᠭᠦᠷ᠂ ᠶᠡᠭᠡ ᠵᠤᠤ᠂ ᠲᠦᠮᠡᠳ ᠰᠤᠷᠭᠠᠭᠤᠯᠢ᠂ ᠨᠠᠨ ᠴᠠ ᠹᠠᠩ᠂ ᠬᠥᠬᠡᠬᠤᠲᠠ ᠶᠢᠨ ᠭᠤᠷᠪᠠᠳᠤᠭᠠᠷ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠤᠩ ᠰᠢᠩ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂  ᠲᠠᠢ ᠫᠢᠩ ᠵᠤᠸᠠᠩ᠂  ᠡᠮᠦᠨ᠎ᠡ ᠨᠠᠭᠤᠷ ᠤᠨ ᠨᠤᠭᠤ ᠭᠠᠵᠠᠷ ᠤᠨ ᠴᠡᠴᠡᠷᠯᠢᠭ᠂ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ᠂ ᠳ᠋ᠠ ᠱᠧᠩ ᠺᠦᠢ ᠰᠣᠶᠣᠯ ᠤᠨ ᠡᠭᠦᠳᠦᠯᠲᠡ ᠶᠢᠨ ᠬᠦᠷᠢᠶᠡᠯᠡᠩ᠂ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ᠂ ᠰᠢ ᠶᠠᠩ ᠬᠤᠩ ᠨᠠᠰᠤᠲᠠᠨ ᠢ ᠠᠰᠠᠷᠠᠬᠤ ᠨᠡᠶᠢᠲᠡ ᠶᠢᠨ ᠪᠠᠶᠢᠷᠢ᠂ ᠥᠪᠥᠷ ᠮᠣᠩᠭᠤᠯ ᠤᠨ ᠬᠠᠲᠤᠨ ᠭᠤᠣᠯ ᠤᠨ ᠢᠨᠵᠧᠨᠧᠷᠢᠩ ᠤᠨ ᠲᠣᠪᠴᠢᠶ᠎ᠠ᠂ ᠬᠥᠬᠡᠬᠤᠲᠠ ᠶᠢᠨ ᠨᠠᠰᠤᠲᠠᠨ ᠢ ᠠᠰᠠᠷᠠᠬᠤ ᠬᠦᠷᠢᠶᠡᠯᠡᠩ᠂ ᠬᠤᠶᠢᠲᠤ  ᠲᠣᠬᠤᠢ᠂ ᠡᠮᠦᠨ᠎ᠡ  ᠲᠣᠬᠤᠢ᠂ ᠮᠣᠩᠭᠤᠯ ᠤᠨ ᠵᠠᠩ ᠦᠶᠯᠡ ᠶᠢᠨ ᠬᠦᠷᠢᠶᠡᠯᠡᠩ᠂ ᠵᠢᠶᠠ ᠵᠢᠶᠠ ᠶᠢᠩ᠂ ᠵᠣᠣ ᠵᠢᠶᠦ᠋ᠨ ᠮᠦᠽᠧᠢ᠃      ᠡᠭᠦᠨ ᠠᠴᠠ ᠭᠠᠳᠠᠨ᠎ᠠ᠂ ᠶᠡᠭᠡ ᠲᠦᠷᠭᠡᠨ ᠭᠤᠣᠯ ᠤᠨ ᠰᠡᠯᠡᠭᠦᠴᠡᠯ ᠤᠨ ᠲᠤᠰᠬᠠᠢ ᠱᠤᠭᠤᠮ ︵ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ︱ ᠶᠡᠭᠡ ᠬᠠᠷ᠎ᠠ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ︶᠂ ᠭᠠᠵᠠᠷ ᠣᠷᠣᠨ ᠤ ᠰᠣᠶᠣᠯ ᠤᠨ ᠲᠤᠰᠬᠠᠢ ᠱᠤᠭᠤᠮ ︵  ᠰᠢᠨᠬᠤᠸᠠ ᠪᠠᠷᠠᠭᠤᠨ ᠵᠡᠭᠡᠯᠢ ᠥᠷᠲᠡᠭᠡ ︱ ᠮᠧᠩ ᠯᠢᠶᠠᠩ ᠦᠨᠳᠦᠰᠦᠲᠡᠨ ᠤ ᠵᠠᠩ ᠦᠶᠯᠡ ᠶᠢᠨ ᠬᠦᠷᠢᠶᠡᠯᠡᠩ︶᠂ ᠴᠡᠯᠡᠭᠡᠷ ᠲᠠᠯ᠎ᠠ ᠶᠢᠨ ᠲᠤᠰᠬᠠᠢ ᠱᠤᠭᠤᠮ ︵ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ︱ ᠬᠤᠪᠢᠰᠬᠠᠯ ᠤᠨ ᠰᠣᠶᠣᠯ ᠤᠨ ᠴᠡᠴᠡᠷᠯᠢᠭ︶᠂ ᠪᠣᠬᠢᠷᠲᠤᠯ ᠦᠭᠡᠢ ᠠᠮᠢ ᠠᠬᠤᠢ ᠶᠢᠨ ᠲᠤᠰᠬᠠᠢ ᠱᠤᠭᠤᠮ ︵ᠸᠠᠨ ᠳ᠋ᠠ ᠲᠠᠯᠠᠪᠠᠶ ︱  ᠠᠭᠤᠯᠠ ᠤᠰᠤᠨ ᠤ ᠲᠤᠤᠯᠢ ᠦᠵᠡᠮᠵᠢ ᠶᠢᠨ ᠣᠷᠣᠨ︶ ᠵᠡᠷᠭᠡ ᠵᠢᠭᠤᠯᠴᠢᠯᠠᠯ ᠤᠨ ᠲᠤᠰᠬᠠᠢ ᠱᠤᠭᠤᠮ ᠤᠨ ᠨᠡᠶᠢᠲᠡ ᠶᠢᠨ ᠮᠠᠰᠢᠨ ᠲᠡᠷᠭᠡ ᠪᠣᠶ᠃    ᠢᠷᠡᠯᠲᠡ᠄ ᠤᠮᠠᠷᠠᠲᠤ ᠶᠢᠨ ᠰᠢᠨ᠎ᠡ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ