ᠭᠦᠭᠡᠬᠤᠲᠠ ᠶᠢᠨ 2023 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2023/5/24
      5 ᠰᠠᠷ᠎ᠠ ᠶᠢᠨ 16 ᠤ ᠡᠳᠦᠷ ᠭᠦᠭᠡᠬᠤᠲᠠ ᠶᠢᠨ 2023 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠵᠢᠴᠢ ︽ᠢᠷᠡᠭᠡᠳᠦᠢ ᠶᠢᠨ ᠤᠷᠠᠨ ᠳᠠᠷᠬᠠᠳ︾ ᠤᠨ ᠨᠣᠮ ᠤᠩᠰᠢᠬᠤ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠰᠢᠨ᠎ᠡ ᠬᠤᠲᠠ ᠲᠣᠭᠤᠷᠢᠭ ᠤᠨ ᠰᠣᠶᠣᠯ ᠠᠭᠤᠳᠠᠮ ᠲᠠᠯᠠᠪᠠᠶ ᠳᠤ ᠶᠠᠪᠤᠭᠳᠠᠪᠠ᠃ ᠪᠦᠭᠦ ᠬᠤᠳᠠ ᠶᠢᠨ ᠡᠯ᠎ᠡ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠤᠪᠢᠶᠠᠷᠢ ᠬᠤᠷᠠᠯ ᠤᠨ ᠳᠠᠯᠠᠪᠠᠢ ᠭᠠᠷᠭᠠᠵᠤ᠂ ︽ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠢᠶᠠᠨ ᠰᠤᠷᠭᠠᠭᠤᠯᠢ ᠡᠷᠭᠢᠯᠡᠭᠦ ᠨᠥᠬᠦᠴᠡᠯ᠂ ᠰᠤᠷᠭᠠᠭᠤᠯᠢ ᠡᠷᠭᠢᠯᠡᠭᠦ ᠲᠦᠪᠰᠢᠨ᠂ ᠬᠠᠮᠢᠶᠠᠷᠤᠯᠲᠠ ᠶᠢᠨ ᠳᠦᠷᠢᠮ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠵᠡᠷᠭᠡ ᠶᠢ ᠳᠡᠯᠭᠡᠨ ᠦᠵᠡᠭᠦᠯᠵᠡᠢ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ  ᠰᠤᠷᠭᠠᠭᠤᠯᠢ ᠶᠢᠨ 100 ᠭᠠᠷᠤᠢ ᠪᠠᠭᠰᠢ ᠰᠤᠷᠤᠬᠴᠢᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠬᠯᠠᠯᠲᠠ ᠪᠠᠷ ᠢᠶᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠬᠴᠢᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠬᠤᠷᠠᠯ ᠳᠤ ᠣᠷᠣᠯᠴᠠᠭᠰᠠᠳ  20 ᠭᠠᠷᠤᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠴᠠᠢ ᠶᠢᠨ ᠤᠷᠠᠯᠢᠭ᠂ ᠢᠳᠡᠭᠡᠨ ᠤ ᠤᠷᠠᠯᠢᠭ᠂ ᠤᠷᠠᠨ ᠪᠥᠵᠢᠭ᠂ ᠰᠤᠪᠢᠯᠠᠯᠲᠠ᠂ ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠤᠨ ᠡᠩᠨᠡᠭᠡ ᠵᠡᠷᠭᠡ ᠤᠯᠠᠨ ᠵᠦᠢᠯ ᠤᠨ ᠭᠡᠯᠪᠡᠷᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠲᠣᠭᠤᠷᠢᠨ ᠦᠵᠡᠪᠡ᠃      ᠣᠶᠢᠯᠠᠭᠠᠭᠰᠠᠨ ᠢᠶᠠᠷ᠂ ᠳᠤᠰ ᠤᠳᠠᠭ᠎ᠠ ᠶᠢᠨ ᠭᠠᠷᠠᠭ ᠤᠨ ᠠᠵᠢᠯᠯᠠᠭ᠎ᠠ ᠳᠤ ᠬᠤᠶᠠᠷ ᠵᠦᠢᠯ ᠤᠨ ᠠᠵᠢᠯᠯᠠᠭ᠎ᠠ ᠶᠢ ᠵᠡᠷᠭᠡ ᠪᠠᠷ ᠥᠷᠨᠢᠭᠦᠯᠬᠦ ᠪᠣᠯᠣᠨ᠎ᠠ᠃ 5 ᠰᠠᠷ᠎ᠠ ᠶᠢᠨ 14 ᠠᠴᠠ 20 ᠤ ᠡᠳᠦᠷ ᠪᠤᠯᠲᠠᠯ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠥᠷᠨᠢᠭᠦᠯᠵᠦ᠂ 5 ᠰᠠᠷ᠎ᠠ ᠶᠢᠨ 8 ᠠᠴᠠ 31 ᠤ ᠡᠳᠦᠷ ᠪᠤᠯᠲᠠᠯ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠦᠨ᠎ᠡ᠃ ᠡᠭᠦᠨ ᠤ ᠬᠠᠮᠲᠤ ᠠᠵᠢᠯ ᠮᠡᠷᠭᠡᠵᠢᠯ ᠤᠨ ᠰᠤᠷᠭᠠᠭᠤᠯᠢ ᠶᠢᠨ︽ᠢᠷᠡᠭᠡᠳᠦᠢ ᠶᠢᠨ ᠤᠷᠠᠨ ᠳᠠᠷᠬᠠᠳ︾ ᠭᠡᠬᠦ ᠨᠣᠮ ᠤᠩᠰᠢᠬᠤ ᠠᠵᠢᠯᠯᠠᠭ᠎ᠠ ᠶᠢ ᠡᠬᠢᠯᠡᠭᠦᠯᠦᠨ᠎ᠡ᠃      ᠭᠠᠷᠠᠭ ᠤᠨ ᠠᠵᠢᠯᠯᠠᠭ᠎ᠠ᠂ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠭᠦᠭᠡᠬᠤᠲᠠ︽ᠤᠷ᠎ᠠ ᠮᠡᠷᠭᠡᠰᠢᠯ᠄ ᠨᠡᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠪᠠᠰᠠ ᠢᠨᠲ᠋ᠧᠷ ᠰᠦᠯᠵᠢᠶ᠎ᠡ + ᠨᠡᠶᠢᠭᠡᠮ ᠳᠤ ᠦᠢᠯᠡᠴᠢᠯᠡᠬᠦ  ᠠᠯᠢ ᠤᠯᠠᠨ ᠠᠵᠢᠯᠯᠠᠭ᠎ᠠ ᠶᠢ ᠥᠷᠨᠢᠭᠦᠯᠵᠦ᠂  ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠬᠥᠮᠥᠰ ᠤᠨ ᠣᠶᠢᠯᠠᠭᠠᠯᠲᠠ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠲᠠᠬᠤ ᠬᠦᠴᠦᠨ ᠢ ᠨᠡᠮᠡᠭᠳᠡᠭᠦᠯᠵᠦ᠂ ᠪᠦᠭᠦ ᠨᠡᠶᠢᠭᠡᠮ ᠳᠤ ᠭᠦᠳᠡᠯᠮᠦᠷᠢ ᠢᠷᠠᠭᠤ ᠠᠯᠳᠠᠷᠲᠠᠢ᠂ ᠤᠷ᠎ᠠ ᠮᠡᠷᠭᠡᠰᠢᠯ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ ᠪᠠᠶᠢᠬᠤ ᠴᠠᠭ ᠦᠶ᠎ᠡ ᠶᠢᠨ ᠬᠡᠪ ᠰᠤᠷᠲᠠᠯ ᠢ ᠪᠤᠢ ᠪᠣᠯᠭᠠᠨ᠎ᠠ᠃      ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ