ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠤᠷᠤᠯᠳᠤᠭᠠᠨ ︵ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ︶ ᠳᠤ ᠨᠡᠷ᠎ᠡ ᠮᠡᠳᠡᠭᠦᠯᠵᠦ ᠡᠬᠢᠯᠡᠪᠡ
ᠨᠡᠶᠢᠲᠡᠯᠡᠭᠰᠡᠨ ᠴᠠᠭ᠄
2023/5/24
      ︵ᠰᠤᠷᠪᠤᠯᠵᠢᠯᠠᠭᠴᠢ ᠦ᠋ ᠽᠢ ᠰᠢᠤᠸᠠᠨ︶ ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ ᠤᠷᠤᠯᠳᠤᠭᠠᠨ ︵ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ︶ ᠳᠤ ᠨᠡᠷ᠎ᠡ ᠮᠡᠳᠡᠭᠦᠯᠵᠦ ᠡᠬᠢᠯᠡᠯ᠎ᠡ᠂ ᠤᠷᠤᠯᠳᠤᠭᠠᠨ ᠳᠤ ᠣᠷᠤᠯᠴᠠᠬᠤ ᠠᠵᠤ ᠠᠬᠤᠶᠢᠯᠠᠯ ᠳᠤᠮᠳᠠᠳᠤ ᠤᠯᠤᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ ᠤ ᠠᠯᠪᠠᠨ ᠤ ᠰᠦᠯᠵᠢᠶ᠎ᠡ ︵www.cxcyds.com︶ ᠳᠤ ᠳᠠᠩᠰᠠᠯᠠᠭᠤᠯᠵᠤ ᠨᠡᠷ᠎ᠡ ᠪᠠᠨ ᠮᠡᠳᠡᠭᠦᠯᠦᠭᠰᠡᠨ ᠤ ᠳᠠᠷᠠᠭ᠎ᠠ ᠪᠦᠷᠢᠨ ᠪᠦᠲᠦᠨ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠂ 6 ᠳ᠋ᠤᠭᠠᠷ ᠰᠠᠷ᠎ᠠ ᠶᠢᠨ 16 ᠤ ᠡᠳᠦᠷ  ᠪᠣᠯᠲᠠᠯ᠎ᠠ ᠳᠠᠩᠰᠠᠯᠠᠭᠤᠯᠵᠤ᠂ 6 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠢ ᠪᠤᠶᠢᠵᠢᠯᠲᠠ ᠶᠢᠨ ᠠᠵᠤ ᠠᠬᠤᠶᠢᠯᠠᠯ ᠤᠨ ᠳᠤᠭᠤᠶᠢᠯᠠᠩ ᠪᠠ‌ᠠᠩᠬᠠᠨ ᠤ ᠡᠭᠦᠳᠦᠯᠲᠡ ᠶᠢᠨ ᠠᠵᠤ ᠠᠬᠤᠶᠢᠯᠠᠯ ᠤᠨ ᠳᠤᠭᠤᠶᠢᠯᠠᠩ ᠭᠡᠵᠦ ᠬᠤᠪᠢᠶᠠᠵᠤ᠂ ᠨᠡᠷ᠎ᠡ ᠮᠡᠳᠡᠭᠦᠯᠬᠦ᠂ ᠠᠩᠬᠠᠨ ᠤ ᠤᠷᠤᠯᠳᠤᠭᠠᠨ᠂ ᠬᠤᠶᠠᠳᠠᠭᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠡᠷᠭᠡ ᠤᠷᠤᠯᠳᠤᠭᠠᠨ ᠤ ᠶᠠᠪᠤᠴᠠ ᠪᠠᠷ ᠳᠡᠮᠵᠢᠨ ᠲᠣᠰ ᠲᠣᠰ ᠪᠤᠶᠢᠵᠢᠯᠲᠠ ᠶᠢᠨ ᠠᠵᠤ ᠠᠬᠤᠶᠢᠯᠠᠯ ᠤᠨ ᠳᠤᠭᠤᠶᠢᠯᠠᠩ ᠪᠠ ᠠᠩᠬᠠᠨ ᠤ ᠡᠭᠦᠳᠦᠯᠲᠡ ᠶᠢᠨ ᠠᠵᠤ ᠠᠬᠤᠶᠢᠯᠠᠯ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠳᠤ ᠲᠣᠰ ᠲᠣᠰ 1 ᠨᠡᠷᠡᠰ᠂ ᠬᠤᠶᠠᠳᠤᠭᠠᠷ ᠳᠡᠰ ᠤᠨ ᠱᠠᠩᠨᠠᠯ ᠲᠣᠰ ᠲᠣᠰ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠲᠣᠰ ᠲᠣᠰ 3 ᠨᠡᠷᠡᠰ ᠰᠢᠯᠭᠠᠷᠠᠭᠤᠯᠵᠤ᠂ ᠱᠠᠩᠨᠠᠯ ᠣᠯᠣᠭᠰᠠᠨ ᠠᠵᠤ ᠠᠬᠤᠶᠢᠯᠠᠯ ᠲᠣᠰ ᠲᠣᠰ 15 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠨᠥᠬᠦᠪᠦᠷᠢ ᠣᠯᠤᠨ᠎ᠠ᠃ ᠡᠭᠦᠨ ᠤ ᠬᠠᠮᠲᠤ ᠤᠷᠤᠯᠳᠤᠭᠠᠨ ᠳᠤ ᠰᠢᠯᠭᠠᠷᠠᠭᠤᠯᠤᠭᠰᠠᠨ ᠰᠢᠯᠢᠳᠡᠭ ᠲᠦᠷᠦᠯ ᠵᠦᠢᠯ ᠢ ᠳᠠᠷᠠᠭ᠎ᠠ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠦᠷᠦᠯ ᠵᠦᠢᠯ ᠤᠨ ᠳᠡᠮᠵᠢᠯᠭᠡ ᠳᠤ ᠤᠷᠢᠳᠠᠪᠡᠷ ᠣᠷᠣᠭᠤᠯᠤᠨ᠎ᠠ᠃      ᠡᠭᠦᠨ ᠤ ᠬᠠᠮᠲᠤ᠂ ᠤᠷᠤᠯᠳᠤᠭᠠᠨ ᠳᠤ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠬᠦᠷᠦᠩᠭᠡ ᠡᠵᠡᠮᠳᠡᠭᠴᠢ ᠂ ᠢᠲᠡᠭᠡᠮᠵᠢᠲᠦ ᠵᠢᠭᠡᠯᠡᠯᠭᠡ ᠶᠢᠨ ᠬᠦᠷᠦᠩᠭᠡ ᠡᠵᠡᠮᠳᠡᠭᠴᠢ ᠶᠢᠨ ᠲᠥᠯᠥᠭᠡᠯᠡᠭᠴᠢ ᠶᠢ ᠲᠤᠰᠬᠠᠶᠢᠯᠠᠨ ᠤᠷᠢᠵᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠡᠭᠦᠷᠭᠡᠯᠡᠭᠦᠯᠵᠦ᠂ ᠱᠠᠩᠨᠠᠯ ᠣᠯᠣᠭᠰᠠᠨ ᠠᠵᠤ ᠠᠬᠤᠶᠢᠯᠠᠯ ᠢ ᠰᠲ᠋ᠣᠺ ᠤᠨ ᠡᠷᠬᠡ ᠶᠢᠨ ᠪᠡᠯᠡ ᠣᠷᠤᠭᠤᠯᠬᠤ ᠪᠠ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ  ᠡᠪᠳᠡᠭᠡᠳ ᠢᠶᠠᠷ ᠤᠷᠢᠳᠴᠢᠯᠠᠨ ᠪᠣᠳᠤᠯᠬᠢᠯᠠᠨ᠎ᠠ᠃ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠠᠴᠠ ᠠᠵᠤ ᠠᠬᠤᠶᠢᠯᠠᠯ ᠳᠤ ᠰᠦᠢᠳᠬᠡᠯ ᠬᠤᠷᠢᠶᠠᠬᠤ ᠦᠭᠡᠢ ᠬᠤᠳᠠᠯᠳᠤᠭᠠᠨ ᠤ ᠵᠠᠮ ᠤᠨ ᠲᠣᠭᠯᠠᠯᠲᠠ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠣᠯᠪᠠᠰᠤᠷᠠᠯ ᠵᠡᠷᠭᠡ ᠦᠢᠯᠡᠴᠢᠯᠡᠭᠡ ᠶᠢ ᠪᠦᠬᠦ ᠶᠠᠪᠤᠴᠠ ᠪᠠᠷ ᠬᠠᠩᠭᠠᠨ᠎ᠠ᠃ ᠱᠠᠩᠨᠠᠯ ᠣᠯᠣᠭᠰᠠᠨ ᠠᠵᠤ ᠠᠬᠤᠶᠢᠯᠠᠯ ᠢ ᠤᠷᠢᠳᠠᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠭᠤᠣᠯᠳᠠᠯᠭ᠎ᠠ ᠲᠠᠢ ᠪᠣᠶᠢᠵᠢᠭᠤᠯᠬᠤ ᠠᠵᠤ ᠠᠬᠤᠶᠢᠯᠠᠯ ᠪᠣᠯᠭᠠᠬᠤ ᠶᠢᠨ ᠬᠠᠮᠲᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠰᠠᠮᠪᠠᠷ᠎ᠠ ᠶᠢᠨ ᠰᠢᠯᠢᠳᠡᠭ ᠤᠨ ᠳᠠᠪᠬᠤᠷᠭ᠎ᠠ ᠳᠤ ᠫᠠᠶᠢᠰᠠ ᠡᠯᠭᠦᠬᠦ᠂ ᠵᠠᠬ᠎ᠠ ᠳᠡᠯᠭᠡᠭᠦᠷ ᠲᠤ ᠭᠠᠷᠬᠤ ᠳᠤ ᠬᠠᠪᠰᠤᠷᠤᠨ ᠵᠢᠯᠤᠭᠤᠳᠬᠤ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠤᠷᠢᠳᠠᠪᠠᠷ ᠣᠯᠭᠤᠨ᠎ᠠ᠃ ᠤᠷᠤᠯᠳᠤᠭᠠᠨ ᠤ ᠳᠠᠷᠠᠭ᠎ᠠ ᠤᠷᠤᠯᠳᠤᠭᠠᠨ ᠳᠤ ᠣᠷᠤᠯᠴᠠᠭᠰᠠᠨ ᠲᠦᠷᠦᠯ ᠵᠦᠢᠯ ᠳᠤ ᠦᠷᠭᠦᠯᠵᠢᠯᠡᠨ ᠮᠦᠷᠲᠡᠨ ᠦᠢᠯᠡᠴᠢᠯᠡᠵᠦ᠂ ᠤᠷᠤᠯᠳᠤᠭᠠᠨ ᠳᠤ ᠣᠷᠤᠯᠴᠠᠭᠰᠠᠨ ᠠᠵᠤ ᠠᠬᠤᠶᠢᠯᠠᠯ ᠳᠤ ᠦᠷ᠎ᠡ ᠪᠦᠲᠦᠭᠡᠯ ᠢ ᠬᠤᠪᠢᠷᠠᠭᠤᠯᠬᠤ᠂ ᠡᠬᠢ ᠪᠠᠶᠠᠯᠢᠭ ᠢ ᠵᠣᠯᠭᠠᠭᠤᠯᠬᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ