︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠨᠠᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠠᠶᠢᠯᠴᠢᠯᠠᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠤᠸᠠᠨ ᠵᠢᠶᠧ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠬᠡᠯᠡᠬᠦ ᠳᠡᠭᠡᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ | ᠬᠦᠷᠢᠶᠡᠯᠡᠩ ᠬᠥᠬᠡᠬᠤᠲᠠ ᠳᠤ ᠰᠠᠭᠤᠷᠢᠰᠢᠭᠰᠠᠨ 60 ᠭᠠᠷᠤᠢ ᠵᠢᠯ ᠤᠨ ᠲᠤᠷᠰᠢ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ | ᠦᠵᠡᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠦᠨ ᠵᠤᠵᠠᠭᠠᠨ ᠨᠥᠬᠦᠷᠯᠡᠯ ᠲᠠᠢ ᠪᠣᠯᠵᠠᠢ᠃ ᠬᠥᠬᠡᠬᠤᠲᠠ ᠣᠳᠣᠬᠠᠨ ᠳᠤ ᠶᠠᠭ ᠰᠠᠨᠰᠠᠷ ᠤᠨ | ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠳᠤ ᠠᠰᠢᠭᠲᠠᠢ ᠠᠵᠠ ᠲᠣᠬᠢᠶᠠᠯ ᠬᠠᠩᠭᠠᠵᠠᠢ᠃ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ | ᠪᠦᠯᠦᠭᠯᠡᠯ ᠬᠥᠬᠡᠬᠤᠲᠠ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠳᠡᠭᠡᠳᠦ ᠲᠡᠰ ᠤᠨ | ᠲᠤᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ ᠤ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ | ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠥᠬᠡᠬᠤᠲᠠ ᠳᠤ ᠴᠤᠭᠯᠠᠷᠠᠬᠤ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃ | ᠶᠤᠸᠠᠨ ᠵᠢᠶᠧ ᠬᠥᠬᠡᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠰᠠᠨᠰᠠᠷ ᠤᠨ ᠠᠶᠠᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠬᠥᠬᠡᠬᠤᠲᠠ ᠲᠠᠢ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠳᠠᠷᠠᠭᠠᠴᠢ ᠶᠢᠨ ᠠᠯᠬᠤᠮ ᠳᠤ | ᠬᠤᠶᠠᠷ ᠲᠠᠯ᠎ᠠ ᠢᠶᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠲᠦᠷᠭᠡᠨ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ ᠲᠠᠢ ᠭᠦᠨᠵᠡᠭᠡᠢ | ᠵᠣᠯᠭᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠠᠯᠪᠠᠨ ᠭᠡᠷ ᠤᠨ ᠡᠷᠬᠢᠯᠡᠭᠴᠢ ᠴᠢ ᠱᠢ ᠯᠢᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᠶᠠᠨ ᠵᠢᠶᠦ᠋ᠨ᠂ ᠬᠤᠲᠠ ᠶᠢᠨ ᠳᠡᠳ᠋ ᠳᠠᠷᠤᠭ᠎ᠠ | ᠯᠢ ᠰᠢᠶᠣᠣ ᠶᠠᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ | ᠨᠢᠭᠡᠴᠡ ᠶᠢᠨ ᠤᠳᠤᠷᠢᠳᠤᠯᠭ᠎ᠠ ᠰᠠᠭᠤᠳᠠᠯ ᠤᠨ ᠬᠤᠷᠠᠯ ᠳᠤ ᠣᠷᠣᠯᠴᠠᠪᠠ᠃ |